ᠲᠤᠭᠳᠠᠬᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠦᠱᠧᠨ ᠪᠠᠯᠭᠠᠰᠤᠨ ᠳᠤ ᠭᠦᠨᠵᠡᠭᠡᠶᠢᠷᠡᠨ ᠫᠠᠶᠢᠰᠠ ᠢᠯᠡᠷᠬᠡᠶᠢᠯᠡᠯ ᠤᠨ ᠮᠣᠩᠭᠤᠯ ᠬᠢᠲᠠᠳ ᠦᠰᠦᠭ ᠢ ᠵᠡᠷᠭᠡ ᠪᠠᠷ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2019-08-13
      ᠲᠣᠭᠲᠠᠬᠤ ᠰᠢᠶᠠᠨ ᠤ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠶᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠶᠯ  ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠮᠣᠩᠭᠤᠯ ᠬᠢᠲᠠᠳ ᠬᠤᠶᠠᠷ ᠵᠦᠶᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠢᠩᠭᠠᠳᠬᠠᠨ᠂ ᠨᠡᠶᠢᠭᠡᠮ  ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠦᠯᠦᠭᠡ᠂ ᠤᠶᠢᠷ᠎ᠠ ᠳᠤ᠂  ᠲᠤᠭᠳᠠᠬᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠲᠤᠭᠳᠠᠬᠤ ᠰᠢᠶᠠᠨ ᠤ ᠦᠱᠧᠨ ᠪᠠᠯᠭᠠᠰᠤᠨ ᠤ ᠫᠠᠶᠢᠰᠠ ᠢᠯᠡᠷᠬᠡᠢᠯᠡᠯ ᠳᠤ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠵᠡᠶ᠃      ᠲᠣᠰ ᠤᠳᠠᠭᠠᠨ ᠤ ᠪᠠᠶᠢᠴᠠᠭᠠᠯᠲᠠ ᠳᠤ ᠨᠡᠶᠢᠲᠡ 280 ᠭᠠᠷᠤᠶ ᠫᠠᠶᠢᠰᠠ ᠢᠯᠡᠷᠬᠡᠢᠯᠡᠯ ᠤᠨ ᠮᠣᠩᠭᠤᠯ ᠬᠢᠲᠠᠳ ᠦᠰᠦᠭ ᠪᠢᠴᠢᠭ ᠤᠨ ᠬᠡᠷᠡᠭᠯᠡᠯᠲᠡ ᠶᠢᠨ ᠪᠠᠶᠢᠳᠠᠯ ᠳᠤ ᠬᠤᠯᠪᠣᠭᠳᠠᠵᠤ᠂ ᠪᠠᠶᠢᠴᠠᠭᠠᠯᠲᠠ ᠶᠢᠨ ᠳᠤᠮᠳᠠ 10 ᠭᠠᠷᠤᠶ ᠫᠠᠶᠢᠰᠠ ᠢᠯᠡᠷᠬᠡᠢᠯᠡᠯ ᠳᠤ ᠮᠣᠩᠭᠤᠯ ᠦᠰᠦᠭ ᠬᠡᠷᠡᠭᠯᠡᠬᠦ ᠵᠢᠷᠤᠮᠵᠢᠯ ᠥᠬᠡᠶ᠂ ᠬᠡᠷᠡᠭᠯᠡᠭᠰᠡᠨ ᠥᠬᠡᠶ᠂ ᠮᠣᠩᠭᠤᠯ ᠬᠡᠯᠡᠨ  ᠤ ᠬᠡᠯᠡᠨ ᠵᠦᠶ ᠶᠢᠨ ᠳᠡᠰ ᠳᠠᠷᠠᠭᠠᠯᠠᠯ ᠵᠦᠶ ᠵᠣᠬᠢᠰ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠢ᠂ ᠪᠠᠶᠢᠴᠠᠭᠠᠬᠤ ᠠᠵᠢᠯᠲᠠᠨ ᠮᠣᠩᠭᠤᠯ ᠬᠢᠲᠠᠳ ᠬᠤᠶᠠᠷ ᠵᠦᠶᠯ ᠤᠨ ᠦᠰᠦᠭ ᠪᠢᠴᠢᠭ ᠤᠨ ᠬᠡᠷᠡᠭᠯᠡᠯᠲᠡ ᠶᠢᠨ ᠬᠢᠷᠢ ᠲᠡᠩᠴᠡᠬᠦ ᠥᠬᠡᠶ ᠫᠠᠶᠢᠰᠠ ᠢᠯᠡᠷᠬᠡᠢᠯᠡᠯ ᠲᠠᠢ ᠬᠤᠳᠠᠯᠳᠤᠭᠠᠴᠢᠨ ᠳᠤ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠬᠦ ᠮᠡᠳᠡᠭᠳᠡᠯ ᠪᠠᠭᠤᠯᠭᠠᠭᠰᠠᠨ ᠪᠥᠭᠡᠳ ᠮᠣᠩᠭᠤᠯ ᠬᠢᠲᠠᠳ ᠬᠤᠶᠠᠷ ᠵᠦᠶᠯ ᠤᠨ ᠦᠰᠦᠭ ᠪᠢᠴᠢᠭ ᠢ ᠵᠡᠷᠭᠡ  ᠪᠠᠷ ᠬᠡᠷᠡᠭᠯᠡᠬᠦ ᠵᠢᠷᠤᠮᠵᠢᠯ ᠤᠨ ᠲᠤᠬᠠᠶ ᠲᠣᠭᠲᠠᠭᠠᠯ ᠢ ᠨᠠᠷᠢᠨ ᠲᠣᠳᠣᠷᠬᠠᠶ ᠲᠠᠶᠢᠯᠪᠦᠷᠢᠯᠠᠵᠦ ᠦᠭᠭᠦᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠲᠤᠭᠳᠠᠬᠤ ᠰᠢᠶᠠᠨ ᠤ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠶᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠬᠤ ᠳᠤ ᠡᠶ᠎ᠡ ᠵᠣᠬᠢᠴᠠᠯ ᠲᠠᠢ ᠪᠥᠭᠡᠳ ᠰᠠᠶᠢᠨ ᠰᠠᠶᠢᠬᠠᠨ ᠦᠭᠡ ᠬᠡᠯᠡ ᠦᠰᠦᠭ ᠪᠢᠴᠢᠭ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ ᠭᠡᠵᠦ ᠴᠢᠷᠮᠠᠶᠢᠨ ᠠᠵᠢᠯᠯᠠᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1