ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ︽ᠰᠠᠭᠤᠭᠳᠠᠯᠳᠤ ᠬᠠᠳᠤᠨ ᠭᠤᠣᠯ︾ ᠤᠨ ᠰᠢᠯ ᠦᠵᠡᠮᠵᠢ ᠶᠢᠨ ᠲᠠᠶᠢᠰᠠᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-08-19
      8 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠰᠢᠶᠠᠨ ᠤ ᠳᠠᠷᠤᠭ᠎ᠠ ᠯᠢ ᠴᠦᠨ ᠶᠠᠨ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ ᠤᠨ ᠬᠤᠤ ᠵᠢᠶᠠ ᠶᠣᠣ ᠲᠣᠰᠬᠤᠨ ᠤ ︽ᠰᠠᠭᠤᠭᠳᠠᠯᠳᠤ ᠬᠠᠳᠤᠨ ᠭᠤᠣᠯ︾ ᠰᠢᠯ ᠦᠵᠡᠮᠵᠢ ᠶᠢᠨ ᠲᠠᠶᠢᠰᠠᠨ ᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ ᠭᠦᠨᠵᠡᠭᠡᠶᠢᠷᠡᠵᠦ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠢᠴᠠᠭᠠᠨ ᠰᠤᠳᠤᠯᠵᠤ᠂ ᠰᠢᠶᠠᠨ ᠤ ᠤᠳᠤᠷᠢᠳᠤᠯᠭ᠎ᠠ ᠯᠦ ᠢᠦᠢ ᠵᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ  ᠰᠤᠳᠤᠯᠤᠯᠳᠠ ᠳᠤ ᠤᠷᠤᠯᠴᠠᠪᠠ᠃      ᠯᠢ ᠴᠦᠨ ᠶᠠᠨ ᠪᠠᠶᠢᠴᠠᠬᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ᠂ ︽ᠰᠠᠭᠤᠭᠳᠠᠯᠳᠤ ᠬᠠᠳᠤᠨ ᠭᠤᠣᠯ︾ ᠤᠨ ᠰᠢᠯ ᠦᠵᠡᠮᠵᠢ ᠶᠢᠨ ᠲᠠᠶᠢᠰᠠᠨ ᠤ ᠲᠥᠷᠥᠯ ᠵᠦᠶᠯ ᠤᠳᠠᠯ ᠥᠬᠡᠶ ᠠᠰᠢᠭᠯᠠᠯᠲᠠ ᠳᠤ ᠣᠷᠣᠵᠤ᠂ ᠡᠵᠡᠩᠨᠡᠭᠰᠡᠨ ᠤ ᠳᠠᠷᠠᠭ᠎ᠠ  ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠵᠤᠭᠠᠴᠠᠯ ᠤᠨ ᠠᠯᠳᠠᠷᠰᠢᠯ ᠢ ᠶᠡᠭᠡ ᠪᠠᠷ ᠲᠥᠪᠯᠡᠷᠡᠭᠦᠯᠵᠦ᠂ ᠰᠢᠶᠠᠨ ᠤ ᠬᠡᠪᠴᠢᠶᠡᠨ ᠤ ᠵᠤᠭᠠᠴᠠᠯ ᠤᠨ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠪᠣᠯᠤᠨ᠎ᠠ᠃ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢᠯ ᠦᠵᠡᠮᠵᠢ ᠶᠢᠨ ᠲᠠᠶᠢᠰᠠᠨ ᠤ ᠲᠥᠷᠥᠯ ᠵᠦᠶᠯ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠲᠥᠷᠥᠯ ᠵᠦᠶᠯ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠ ᠠᠶᠤᠯ ᠦᠭᠡᠢ ᠶᠢᠨ ᠪᠠᠶᠢᠴᠠᠭᠠᠨ ᠰᠢᠯᠭᠠᠬᠤ ᠶᠢ ᠴᠢᠩᠭᠠᠳᠬᠠᠵᠤ᠂ ᠲᠥᠬᠦᠭᠡᠷᠦᠮᠵᠢ ᠪᠡᠯᠡᠳᠬᠡᠮᠵᠢ ᠶᠢᠨ ᠠᠶᠤᠯ ᠦᠭᠡᠢ ᠶᠢᠨ ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠥᠷᠥᠯ ᠵᠦᠶᠯ ᠤᠨ ᠡᠵᠡᠩᠨᠡᠯᠲᠡ ᠶᠢᠨ ᠨᠢᠭᠡᠴᠡ  ᠨᠦᠭᠦᠳ ᠬᠥᠮᠦᠨ ᠠᠮᠠ ᠶᠢᠨ ᠭᠦᠶᠯᠭᠡᠭᠡᠨ ᠤ ᠬᠡᠮᠵᠢᠶ᠎ᠡ ᠶᠢᠨ ᠬᠠᠮᠢᠶᠠᠷᠤᠯᠲᠠ ᠪᠠ ᠡᠵᠡᠮᠳᠡᠯ ᠢᠶᠠᠨ ᠴᠢᠩᠭᠠᠳᠬᠠᠵᠤ᠂ ᠡᠯ᠎ᠡ ᠲᠥᠷᠥᠯ ᠤᠨ ᠵᠢᠭᠤᠯᠴᠢᠯᠠᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠶᠢᠨ ᠬᠠᠮᠲᠤ ᠡᠷᠭᠢᠨ ᠲᠣᠭᠤᠷᠢᠨ ᠤ ᠢᠵᠢ ᠪᠦᠷᠢᠳᠦᠭᠦᠯᠬᠦ ᠪᠡᠯᠡᠳᠬᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠵᠢᠭᠤᠯᠴᠢᠯᠠᠭᠴᠢᠳ ᠲᠤ ᠨᠠᠩ ᠰᠠᠶᠢᠨ ᠪᠡᠶᠡᠴᠢᠯᠡᠨ ᠣᠶᠢᠯᠠᠭᠠᠬᠤ ᠶᠢ ᠪᠠᠳᠤᠯᠠᠬᠤ ᠬᠡᠷᠡᠭᠳᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1