8 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ | ᠤ ᠰᠢᠶᠠᠨ ᠤ ᠳᠠᠷᠤᠭ᠎ᠠ ᠯᠢ ᠴᠦᠨ ᠶᠠᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ ᠠᠵᠢᠯ ᠢ | ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢᠦ ᠯᠢ | ᠴᠢᠶᠠᠩ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠯᠢ ᠵᠢᠶ ᠾᠧᠩ ᠱᠦᠵᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ | ᠠᠵᠢᠯ ᠤᠨᠲ᠋ᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠣᠷᠣᠨ ᠤ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠪᠣᠬᠢᠷᠲᠤᠯ ᠥᠬᠡᠶ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠢᠶᠠᠨ | ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ ᠠᠵᠢᠯ | ᠤᠨ ᠶᠡᠷᠦᠩᠬᠡᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ ; ᠡᠯ᠎ᠡ ᠪᠠᠯᠭᠠᠰᠤ᠂ ᠾᠧ ᠺᠸᠤ | ᠬᠠᠮᠢᠶᠠᠷᠤᠯᠲᠠ ᠶᠢᠨ ᠵᠥᠪᠯᠡᠯ ᠤᠨ ᠬᠠᠷᠢᠶ᠎ᠠ ᠭᠠᠵᠠᠷ ᠰᠢᠷᠣᠶ ᠶᠢᠨ ᠳᠠᠭᠠᠭᠤᠯᠢ ᠣᠳᠣᠨ ᠤ ᠬᠠᠤᠯᠢ ᠬᠡᠷᠡᠭᠵᠢᠭᠦᠯᠦᠯᠲᠡ | ᠶᠢᠨ ᠦᠨ᠎ᠡ ᠶᠢᠨ ᠵᠥᠷᠢᠶ᠎ᠡ ᠵᠢᠴᠢ ᠭᠠᠵᠠᠷ ᠰᠢᠷᠣᠶ ᠶᠢᠨ ᠵᠤᠷᠰᠢᠯᠲᠤ ᠱᠠᠯᠠᠪᠳᠠᠭᠤᠯᠤᠨ ᠪᠠᠶᠢᠴᠠᠭᠠᠬᠤ ᠠᠵᠢᠯ | ᠥᠷᠨᠢᠭᠦᠯᠦᠭᠰᠡᠨ ᠪᠠᠶᠢᠳᠠᠯ ᠢ ᠰᠣᠨᠣᠰᠪᠠ︔ ᠬᠤᠷᠠᠯ ᠠᠴᠠ ᠲᠤᠭᠳᠠᠬᠤ ᠰᠢᠶᠠᠨ ᠤ ᠤᠶᠢᠷ᠎ᠠ ᠶᠢᠨ ᠬᠤᠭᠤᠴᠠᠭᠠᠨ ᠤ | ᠪᠠᠶᠢᠭᠠᠯᠢ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠬᠠᠷᠢᠭᠤᠴᠠᠯᠭ᠎ᠠ ᠪᠠᠨ ᠳᠡᠭᠡᠭᠰᠢᠯᠡᠭᠦᠯᠵᠦ᠂ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠱᠠᠭᠠᠷᠳᠠᠯᠭ᠎ᠠ ᠪᠣᠯᠤᠨ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠶᠢ ᠭᠦᠨᠵᠡᠭᠡᠶ ᠨᠠᠢᠳᠠᠪᠤᠷᠢᠵᠢᠭᠤᠯᠬᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠶᠢᠨ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠴᠠᠭ ᠢᠮᠠᠭᠲᠠ ᠲᠠᠷᠢᠬᠢ ᠲᠣᠯᠣᠭᠠᠶ ᠪᠠᠨ | ᠰᠡᠷᠭᠡᠭ ᠪᠠᠶᠢᠯᠭᠠᠵᠤ᠂ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠪᠠᠲᠤ | ᠴᠡᠭᠡᠵᠢᠯᠡᠵᠦ᠂ ᠲᠣᠭᠲᠠᠭᠠᠯ ᠠᠴᠠ ᠵᠥᠷᠢᠴᠡᠨ ᠵᠤᠰᠠᠯᠠᠩ ᠪᠠᠶᠢᠭᠤᠯᠬᠤ᠂ ᠲᠠᠷᠢᠶᠠᠨ ᠭᠠᠵᠠᠷ ᠢ ᠬᠠᠮᠠᠭᠠᠯᠠᠬᠤ᠂ ᠭᠠᠵᠠᠷ | ᠰᠢᠷᠣᠶ ᠶᠢᠨ ᠬᠠᠮᠠᠭᠠᠯᠠᠯᠲᠠ ᠶᠢᠨ ᠹᠢᠯᠢᠮ ᠤᠨ ᠬᠠᠤᠯᠢ ᠬᠡᠷᠡᠭᠵᠢᠭᠦᠯᠦᠯᠲᠡ᠂ ᠭᠠᠵᠠᠷ ᠰᠢᠷᠣᠶ ᠶᠢᠨ ᠵᠤᠷᠰᠢᠯ ᠶᠣᠰᠣᠭᠠᠷ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠭᠤᠤᠯᠳᠠᠯᠭ᠎ᠠ ᠲᠠᠢ ᠠᠵᠢᠯ ᠢ ᠪᠦᠬᠦ ᠬᠦᠴᠦᠨ | ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠬᠢᠨᠠᠨ ᠬᠠᠷᠭᠤᠭᠤᠯᠵᠤ ᠪᠠᠶᠢᠴᠠᠭᠠᠨ ᠵᠢᠭᠰᠠᠭᠠᠬᠤ ᠠᠵᠢᠯ ᠢ ᠳᠠᠬᠢᠨᠲᠠ | ᠰᠠᠶᠢᠲᠤᠷ ᠬᠢᠵᠦ᠂ ᠠᠰᠠᠭᠤᠳᠠᠯ ᠤᠨ ᠠᠳᠠᠯᠢ ᠪᠤᠰᠤ ᠲᠥᠷᠥᠯ ᠢ ᠴᠢᠩᠭ᠎ᠠ ᠢᠯᠭᠠᠵᠤ᠂ ᠬᠠᠤᠯᠢ ᠲᠣᠭᠲᠠᠭᠠᠯ ᠶᠣᠰᠣᠭᠠᠷ | ᠲᠥᠷᠥᠯ ᠬᠤᠪᠢᠶᠠᠨ ᠰᠢᠶᠳᠪᠦᠷᠢᠯᠡᠬᠦ ᠬᠡᠷᠡᠭᠲᠡᠶ᠃ ᠬᠥᠳᠡᠯᠦᠩᠭᠦᠶ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠲᠡ ᠠᠴᠠ ᠢᠯᠡᠷᠡᠭᠦᠯᠵᠦ᠂ ᠡᠷᠲᠡ ᠠᠴᠠ ᠬᠤᠷᠢᠭᠯᠠᠨ | ᠵᠣᠭᠰᠣᠭᠠᠵᠤ᠂ ᠬᠤᠪᠢ ᠪᠠᠢ ᠢᠶᠠᠨ ᠮᠠᠯᠲᠠᠵᠤ ᠳᠤᠷ᠎ᠠ ᠪᠠᠷ ᠢᠶᠠᠨ ᠮᠠᠯᠲᠠᠬᠤ ᠪᠠ ᠬᠠᠤᠯᠢ ᠲᠣᠭᠲᠠᠭᠠᠯ ᠠᠴᠠ ᠵᠥᠷᠢᠴᠡᠨ | ᠭᠠᠵᠠᠷ ᠬᠡᠷᠡᠭᠯᠡᠬᠦ ᠶᠢ ᠴᠢᠩᠭ᠎ᠠ ᠵᠠᠰᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠥᠨᠳᠥᠷ | ᠳᠠᠷᠤᠯᠲᠠ ᠦᠵᠡᠭᠦᠯᠬᠦ ᠪᠠᠶᠢᠳᠠᠯ ᠢ ᠪᠤᠢ ᠪᠣᠯᠭᠠᠬᠤ ᠬᠡᠷᠡᠭᠲᠡᠶ᠃ ︽ᠲᠣᠮᠣ ᠰᠠᠷᠠᠪᠴᠢᠨ ᠭᠡᠷ ᠪᠠᠶᠢᠰᠢᠩ︾ ᠤᠨ | ᠠᠰᠠᠭᠤᠳᠠᠯ ᠢ ᠴᠡᠪᠡᠷᠯᠡᠨ ᠴᠡᠭᠴᠡᠯᠡᠬᠦ ᠡᠯ᠎ᠡ ᠵᠦᠶᠯ ᠤᠨ ᠵᠠᠯᠭᠠᠮᠵᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠭᠠᠵᠠᠷ | ᠰᠢᠷᠣᠶ ᠶᠢ ᠨᠡᠭᠡᠭᠡᠨ ᠠᠰᠢᠭᠯᠠᠬᠤ ᠪᠠ ᠳᠠᠬᠢᠨ ᠬᠠᠭᠠᠯᠪᠤᠷᠢᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠶ ᠭᠡᠵᠡᠢ᠃ | ᠬᠤᠷᠠᠯ ᠠᠴᠠ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ ᠠᠵᠢᠯ ᠢ ᠵᠣᠬᠢᠶᠠᠨ ᠪᠠᠶᠢᠭᠤᠯᠵᠤ᠂ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠡᠵᠡᠮᠰᠢᠵᠦ᠂ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠬᠤ ᠬᠡᠷᠡᠭᠲᠡᠶ᠃ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠦᠨᠡᠨᠬᠦ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠲᠣᠭᠲᠠᠭᠠᠯ | ᠠᠴᠠ ᠵᠥᠷᠢᠴᠡᠨ ᠵᠤᠰᠠᠯᠠᠩ ᠢ ᠴᠡᠭᠴᠡᠯᠡᠨ ᠵᠠᠰᠠᠬᠤ᠂ ᠲᠠᠷᠢᠶᠠᠨ ᠭᠠᠵᠠᠷ ᠢ ᠬᠠᠮᠠᠭᠠᠯᠠᠬᠤ ᠶᠢ ᠰᠢᠮᠳᠠᠭᠤᠯᠤᠨ | ᠪᠠᠶᠢᠴᠠᠭᠠᠬᠤ᠂ ᠭᠠᠵᠠᠷ ᠰᠢᠷᠣᠶ ᠶᠢᠨ ᠳᠠᠭᠠᠭᠤᠯᠢ ᠣᠳᠣᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠭᠠᠵᠠᠷ | ᠰᠢᠷᠣᠶ ᠶᠢᠨ ᠵᠤᠷᠰᠢᠯᠲᠤ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠬᠦᠷᠢᠶᠡᠨ ᠳᠤ ᠣᠷᠣᠰᠢᠵᠤ | ᠪᠠᠶᠢᠭ᠎ᠠ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠵᠦ᠂ ᠡᠯ᠎ᠡ ᠵᠦᠶᠯ ᠤᠨ ᠠᠵᠢᠯ ᠢ ᠪᠣᠳᠠᠲᠤ ᠭᠠᠵᠠᠷ ᠲᠤᠨᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ |