ᠲᠤᠭᠳᠠᠬᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠷᠪᠠ | ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠤᠳᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ | ᠨᠠᠢᠳᠠᠪᠤᠷᠢᠵᠢᠭᠤᠯᠬᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠴᠢᠨᠠᠷ | ᠪᠦᠬᠦᠢ ᠲᠤᠰᠬᠠᠶᠢᠵᠢᠭᠰᠠᠨ ᠡᠩᠨᠡᠭᠡ ᠶᠢ ᠪᠠᠶᠢᠭᠤᠯᠬᠤ ᠪᠠᠷ ᠭᠤᠤᠯ ᠬᠠᠷᠠᠯᠲᠠ ᠪᠣᠯᠭᠠᠵᠤ᠂ ᠪᠦᠬᠦ ᠠᠵᠢᠯᠲᠠᠨ ᠤ | ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠵᠦ᠂ ︽ᠥᠪᠡᠷ ᠢᠶᠠᠨ ᠶᠠᠷᠢᠬᠤ︾ + ︽ᠤᠷᠢᠵᠤ ᠠᠪᠴᠢᠷᠠᠬᠤ︾ + | ︽ᠭᠠᠳᠠᠭᠰᠢ ᠭᠠᠷᠬᠤ︾ ᠵᠠᠭᠪᠤᠷ ᠢᠶᠠᠷ ᠳᠠᠮᠵᠢᠭᠤᠯᠤᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷᠴᠤᠳ ᠤᠨ ᠪᠦᠬᠦ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ | ᠨᠢᠭᠡ ᠳᠤ᠂ ᠪᠣᠯᠪᠠᠰᠤᠷᠠᠭᠤᠯᠤᠯ ᠤᠨ ︽ᠳᠣᠲᠣᠭᠰᠢ ᠠᠭᠤᠳᠠᠯᠬᠤ︾ ᠶᠢ ᠥᠪᠡᠰᠦᠪᠡᠨ ᠡᠷᠬᠢᠯᠡᠬᠦ ᠬᠡᠷᠡᠭᠲᠡᠶ᠃ | ᠬᠢᠨᠠᠨ ᠪᠠᠶᠢᠴᠠᠭᠠᠬᠤ ᠵᠥᠪᠯᠡᠯ ᠪᠠᠶᠢᠭᠤᠯᠤᠭᠳᠠᠭᠰᠠᠨ ᠠᠴᠠ ᠨᠠᠭᠠᠰᠢᠬᠢ ᠡᠩᠨᠡᠭᠡ ᠥᠷᠭᠡᠵᠢᠭᠰᠡᠨ᠂ ᠰᠢᠨ᠎ᠡ ᠭᠡᠰᠢᠭᠦᠨ | ᠨᠡᠮᠡᠭᠳᠡᠭᠰᠡᠨ᠂ ᠲᠤᠬᠠᠶᠢᠯᠠᠭᠰᠠᠨ ᠠᠵᠢᠯ ᠤᠨ ᠲᠤᠷᠰᠢᠯᠭ᠎ᠠ ᠪᠠᠭ᠎ᠠ᠂ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠷᠤᠢ᠂ | ᠰᠤᠷᠤᠯᠴᠠᠬᠤ ᠠᠷᠭ᠎ᠠ ᠵᠠᠮ ᠳᠠᠩ ᠴᠤᠯᠭᠤᠶ᠂ ᠮᠠᠳᠠᠭ ᠲᠠᠢ ᠠᠰᠠᠭᠤᠳᠠᠯ ᠣᠯᠠᠨ ᠪᠠᠶᠢᠭ᠎ᠠ ᠣᠳᠣᠬᠢ ᠪᠠᠶᠢᠳᠠᠯ ᠳᠤ | ᠴᠢᠭᠯᠡᠭᠦᠯᠦᠨ᠂ ᠲᠣᠭᠲᠠᠬᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠠᠪᠲᠠᠨ ᠪᠣᠯᠪᠠᠰᠤᠷᠠᠬᠤ ᠠᠩᠭᠢ | ᠡᠷᠬᠢᠯᠡᠨ᠂ ᠠᠵᠢᠯ ᠤᠨ ᠪᠠᠶᠢᠷᠢ᠂ ᠬᠡᠷᠡᠭ ᠢᠶᠠᠷ ᠪᠣᠯᠪᠠᠰᠤᠷᠠᠯ ᠢ ᠣᠷᠣᠯᠠᠭᠤᠯᠬᠤ᠂ ᠴᠠᠭᠳᠠᠨ ᠪᠠᠶᠢᠴᠠᠭᠠᠬᠤ᠂ ᠠᠷᠢᠭᠤᠨ | ᠴᠢᠬᠡᠴᠢ ᠪᠠᠷ ᠵᠠᠰᠠᠭ ᠪᠠᠷᠢᠬᠤ᠂ ︽ᠨᠢᠭᠡᠳᠦᠭᠡᠷ ᠤᠳᠤᠷᠢᠳᠤᠯᠭ᠎ᠠ ᠶᠢᠨ ᠬᠢᠴᠢᠶᠡᠯ ᠤᠨ ᠲᠠᠩᠬᠢᠮ︾ ᠵᠡᠷᠭᠡ ᠶᠢ | ᠪᠠᠷᠢᠮᠲᠠᠯᠠᠪᠠ᠃ ᠪᠣᠯᠪᠠᠰᠤᠷᠠᠭᠤᠯᠤᠨ ᠬᠥᠮᠦᠵᠢᠭᠦᠯᠬᠦ ᠠᠷᠭ᠎ᠠ ᠮᠠᠶ᠋ᠢᠭ ᠢᠶᠠᠨ ᠲᠠᠰᠤᠷᠠᠯᠲᠠ ᠥᠬᠡᠶ ᠬᠠᠯᠠᠨ | ᠰᠠᠶᠢᠵᠢᠷᠠᠭᠤᠯᠵᠤ᠂ ᠰᠤᠷᠤᠯᠴᠠᠯᠭ᠎ᠠ ᠪᠠ ᠠᠵᠢᠯ ᠤᠨ ︽ᠬᠤᠶᠠᠷ ᠢ ᠠᠬᠢᠭᠤᠯᠬᠤ︾ ᠶᠢ ᠴᠢᠬᠤᠯᠠᠴᠢᠯᠠᠨ᠂ | ᠰᠤᠷᠤᠯᠴᠠᠯᠭ᠎ᠠ ᠪᠣᠯᠪᠠᠰᠤᠷᠠᠭᠤᠯᠤᠯ ᠤᠨ ᠳᠤᠮᠳᠠ ᠺᠠᠳ᠋ᠷ ᠤᠨ ᠦᠵᠡᠯ ᠰᠠᠨᠠᠭᠠᠨ ᠤ ᠲᠠᠯ᠎ᠠ ᠪᠠᠷ ᠬᠢ ᠶᠠᠷᠰᠢᠭ ᠲᠦᠪᠡᠭ᠂ | ᠠᠵᠢᠯ ᠤᠨ ᠲᠠᠯ᠎ᠠ ᠪᠠᠷ ᠬᠢ ᠬᠦᠴᠢᠷ ᠠᠰᠠᠭᠤᠳᠠᠯ᠂ ᠴᠢᠳᠠᠪᠤᠷᠢ ᠶᠢᠨ ᠲᠠᠯ᠎ᠠ ᠪᠠᠷ ᠬᠢ ᠳᠤᠲᠠᠭᠤᠳᠠᠯ ᠢ ᠰᠢᠶᠳᠪᠦᠷᠢᠯᠡᠬᠦ | ᠶᠢ ᠴᠢᠬᠤᠯᠠᠴᠢᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠲᠣᠭᠲᠠᠭᠠᠯ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠶᠴᠡᠳᠬᠡᠬᠦ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠤᠷᠢᠳ ᠬᠤᠵᠢᠳ ᠪᠠᠶᠢᠩᠭᠤ ᠶᠢᠨ ᠬᠤᠷᠢᠶᠠᠨ ᠤ ᠬᠤᠷᠠᠯ ᠤᠨ ᠬᠠᠮᠲᠤ ᠶᠢᠨ ᠰᠤᠷᠤᠯᠴᠠᠯᠭ᠎ᠠ ᠶᠢ | 10 ᠤᠳᠠᠭ᠎ᠠ ᠥᠷᠨᠢᠭᠦᠯᠵᠦ᠂ ︽ᠲᠤᠭᠳᠠᠬᠤ ᠰᠢᠶᠠᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ | ᠵᠥᠪᠯᠡᠯ ᠤᠨ ᠪᠦᠬᠦ ᠠᠵᠢᠯᠲᠠᠨ ᠢ ᠪᠣᠯᠪᠠᠰᠤᠷᠠᠭᠤᠯᠬᠤ ︿ᠨᠢᠭᠡᠳᠦᠭᠡᠷ ᠤᠳᠤᠷᠢᠳᠤᠯᠭ᠎ᠠ ᠶᠢᠨ ᠶᠠᠷᠢᠶᠠᠨ ᠤ ᠲᠠᠩᠬᠢᠮ﹀ | ᠤᠨ ᠠᠵᠢᠯᠯᠠᠭ᠎ᠠ ᠶᠢ ᠥᠷᠨᠢᠭᠦᠯᠬᠦ ᠲᠤᠬᠠᠶ ᠲᠥᠯᠥᠪᠯᠡᠭᠡ︾᠂ ︽ᠲᠤᠭᠳᠠᠬᠠᠤ ᠰᠢᠶᠠᠨ ᠤ ᠰᠠᠬᠢᠯᠭ᠎ᠠ ᠪᠠᠲᠤ ᠪᠠᠢᠴᠠᠭᠠᠬᠤ | ᠬᠤᠷᠢᠶ᠎ᠠ ᠬᠢᠨᠠᠨ ᠪᠠᠢᠴᠠᠭᠠᠬᠤ ᠵᠥᠪᠯᠡᠯ ᠤᠨ 2019 ᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ | ᠤᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ︾᠂ ᠣᠯᠠᠨ ᠶᠠᠩᠵᠤ ᠶᠢᠨ ᠭᠤᠤᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠵᠣᠬᠢᠶᠠᠨ ᠪᠠᠶᠢᠭᠤᠯᠤᠨ | 26 ᠤᠳᠠᠭ᠎ᠠ ᠬᠠᠮᠲᠤ ᠪᠠᠷ ᠰᠤᠷᠤᠯᠴᠠᠵᠤ᠂ 5 ᠤᠳᠠᠭ᠎ᠠ ᠲᠤᠰᠬᠠᠶ ᠰᠡᠳᠦᠪ ᠢᠶᠠᠷ ᠰᠤᠷᠤᠯᠴᠠᠵᠤ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ | ᠣᠢᠯᠠᠭᠠᠵᠠᠢ᠃ ᠣᠳᠣᠬᠠᠨ ᠪᠣᠯᠲᠠᠯ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠬᠦ ᠺᠠᠳ᠋ᠷ ᠲᠤ | ᠪᠣᠯᠪᠠᠰᠤᠷᠠᠯ ᠬᠦᠷᠲᠡᠭᠡᠵᠦ᠂ ᠡᠯ᠎ᠡ ᠲᠥᠷᠥᠯ ᠤᠨ ᠪᠣᠯᠪᠠᠰᠤᠷᠠᠯ ᠤᠨ ᠪᠦᠷᠬᠦᠴᠡ ᠶᠢ 100 % ᠳᠤ ᠬᠦᠷᠭᠡᠪᠡ᠃ | ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ | ᠳᠤᠭᠤᠶᠢᠯᠠᠩ ᠤᠨ ᠰᠢᠯᠢᠳᠡᠭ ᠺᠠᠳ᠋ᠷ ᠢ ᠰᠣᠩᠭᠤᠨ ᠰᠢᠯᠵᠢᠭᠦᠯᠵᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠪᠠᠶᠢᠴᠠᠭᠠᠬᠤ ᠵᠡᠷᠭᠡ ᠲᠤᠬᠠᠶᠢᠯᠠᠭᠰᠠᠨ ᠠᠵᠢᠯ ᠤᠨ ᠰᠠᠯᠠᠭ᠎ᠠ ᠳᠠᠰᠤᠭ ᠲᠤ | ᠣᠴᠢᠭᠤᠯᠤᠨ᠂ ᠳᠠᠪᠲᠠᠨ ᠪᠣᠯᠪᠠᠰᠤᠷᠠᠭᠤᠯᠬᠤ᠂ ᠬᠡᠷᠡᠭ ᠢᠶᠠᠷ ᠪᠣᠯᠪᠠᠰᠤᠷᠠᠯ ᠢ ᠣᠷᠣᠯᠠᠭᠤᠯᠬᠤ᠂ ᠠᠩᠭᠢ ᠳᠠᠭᠠᠵᠤ | ᠰᠤᠷᠤᠯᠴᠠᠬᠤ ᠬᠡᠯᠪᠡᠷᠢ ᠪᠠᠷ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠷᠡᠭ ᠰᠢᠶᠳᠪᠦᠷᠢᠯᠡᠬᠦ | ᠬᠦᠴᠦᠨ ᠢ ᠬᠥᠮᠦᠵᠢᠭᠦᠯᠵᠦ᠂ ᠤᠷᠢᠳ ᠬᠤᠵᠢᠳ 8 ᠬᠥᠮᠦᠨ ᠢ ᠬᠥᠮᠦᠵᠢᠭᠦᠯᠪᠡ᠃ ᠡᠭᠦᠨ ᠠᠴᠠ ᠭᠠᠳᠠᠨ᠎ᠠ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ 5 ᠪᠠᠯᠭᠠᠰᠤ᠂ 17 ᠲᠣᠮᠢᠯᠠᠨ ᠰᠠᠭᠤᠯᠭᠠᠭᠰᠠᠨ | ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠲᠠᠢ ᠬᠠᠷᠢᠯᠴᠠᠬᠤ ᠠᠵᠢᠯ ᠤᠨ ᠲᠣᠭᠲᠠᠴᠠ ᠶᠢ ᠭᠦᠶᠴᠡᠳ ᠪᠠᠳᠠᠷᠠᠭᠤᠯᠵᠤ | ᠂ ᠭᠡᠷ ᠢᠶᠠᠷ ᠲᠤᠭᠤᠶᠢᠯᠠᠩ ᠢ ᠳᠠᠶᠢᠴᠢᠯᠠᠵᠤ᠂ ᠬᠠᠭᠤᠴᠢᠨ ᠢᠶᠠᠷ ᠰᠢᠨ᠎ᠡ ᠶᠢ ᠳᠠᠶᠢᠴᠢᠯᠠᠵᠤ᠂ ᠪᠠᠯᠭᠠᠰᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠪᠣᠯᠤᠨ ᠲᠣᠮᠢᠯᠠᠨ ᠰᠠᠭᠤᠯᠭᠠᠭᠰᠠᠨ ᠺᠠᠳ᠋ᠷ ᠤᠨ ᠲᠤᠬᠠᠶᠢᠯᠠᠭᠰᠠᠨ ᠠᠵᠢᠯ ᠶᠢᠨ ᠤᠨᠤᠯ | ᠤᠯᠠᠮᠵᠢᠯᠠᠬᠤ ᠬᠠᠪᠰᠤᠷᠬᠤ ᠳᠠᠭᠠᠭᠤᠯᠬᠤ ᠠᠵᠢᠯ ᠢ ᠴᠢᠩᠭᠠᠳᠬᠠᠪᠠ᠃ | ᠬᠤᠶᠠᠷ ᠲᠤ᠂ ︽ᠭᠠᠳᠠᠭᠰᠢ ᠭᠠᠷᠴᠤ ︾᠂ ︽ᠦᠨᠡᠨ ᠨᠤᠮ︾ ᠰᠤᠷᠤᠯᠴᠠᠨ᠎ᠠ᠃ ︽ᠰᠠᠶᠢᠨ ᠢ ᠨᠢ | ᠰᠣᠩᠭᠤᠬᠤ᠂ ᠰᠢᠯᠢᠳᠡᠭ ᠢ ᠨᠢ ᠰᠣᠩᠭᠤᠬᠤ︾ ᠵᠠᠷᠴᠢᠮ ᠶᠣᠰᠣᠭᠠᠷ᠂ ᠲᠤᠬᠠᠶᠢᠯᠠᠭᠰᠠᠨ ᠠᠵᠢᠯ ᠤᠨ ᠭᠤᠤᠯᠯᠠᠭᠴᠢ | ᠬᠦᠴᠦᠨ ᠢ ᠰᠣᠩᠭᠤᠨ ᠲᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠤᠨ ᠡᠷᠬᠢᠯᠡᠭᠰᠡᠨ ᠪᠦᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠬᠠᠮ | ᠵᠠᠭᠤᠴᠢᠯᠠᠭᠤᠷ᠂ ᠬᠡᠷᠡᠭ ᠢ ᠰᠢᠭᠦᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠪᠦᠬᠦ ᠬᠤᠲᠠ ᠶᠢᠨ ᠰᠢᠶᠠᠩ | ᠪᠠᠯᠭᠠᠰᠤ ︵ᠵᠡᠭᠡᠯᠢ ᠭᠤᠳᠤᠮᠵᠢ︶ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨᠪᠠᠶᠢᠴᠠᠭᠠᠬᠤ ᠺᠠᠳ᠋ᠷ ᠤᠨ ᠲᠤᠰᠬᠠᠶ | ᠪᠣᠯᠪᠠᠰᠤᠷᠠᠯ ᠵᠡᠷᠭᠡ ᠡᠯ᠎ᠡ ᠲᠥᠷᠥᠯ ᠤᠨ ᠪᠣᠯᠪᠠᠰᠤᠷᠠᠯ ᠤᠨ ᠠᠩᠭᠢ ᠳᠤ ᠣᠷᠣᠯᠴᠠᠭᠤᠯᠤᠨ᠎ᠠ᠃ ᠭᠠᠳᠠᠭᠰᠢ ᠭᠠᠷᠬᠤ ᠶᠢ | ᠬᠡᠷᠡᠭᠵᠢᠭᠦᠯᠬᠦ ᠶᠢᠨ ᠬᠠᠮᠲᠤ᠂ ︽ᠰᠠᠶᠢᠨ ᠠᠷᠭ᠎ᠠ︾ ᠶᠢ ᠴᠠᠭ ᠲᠤᠬᠠᠶ ᠳᠤᠨᠢ ᠳᠡᠯᠭᠡᠷᠡᠭᠦᠯᠵᠦ᠂ ᠲᠤᠷᠰᠢᠯᠭ᠎ᠠ | ᠰᠣᠯᠢᠯᠴᠠᠬᠤ ᠠᠵᠢᠯᠯᠠᠭ᠎ᠠ ᠡᠷᠬᠢᠯᠡᠵᠦ᠂ ᠪᠥᠬᠦ ᠣᠷᠣᠨ ᠤ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠢᠷᠡᠯ ᠪᠠ ᠰᠤᠷᠲᠠᠯ ᠤᠨ | ᠠᠰᠠᠭᠤᠳᠠᠯ ᠢ ᠪᠠᠶᠢᠴᠠᠭᠠᠨ ᠰᠢᠶᠳᠪᠦᠷᠢᠯᠡᠬᠦ ᠵᠢᠴᠢ ︽ᠪᠢᠴᠢᠯ ᠢᠯᠵᠢᠷᠡᠯ︾ ᠤᠨ ᠬᠡᠷᠡᠭ ᠤᠨ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠨᠥᠬᠦᠳ ᠪᠡᠶ᠎ᠡ ᠪᠠᠷ ᠢᠶᠠᠨ ᠦᠯᠢᠭᠡᠷ ᠬᠡᠯᠡᠵᠦ᠂ ᠲᠠᠨᠢᠯᠲᠠ | ᠪᠠᠨ ᠶᠠᠷᠢᠵᠤ᠂ ᠲᠥᠷᠥᠭᠳᠡᠯ ᠢᠶᠠᠨ ᠶᠠᠷᠢᠵᠤ᠂ ᠣᠯᠤᠯᠲᠠ ᠪᠠᠨ ᠶᠠᠷᠢᠵᠤ᠂ ᠠᠷᠭ᠎ᠠ ᠬᠢᠳᠡᠯ ᠢᠶᠠᠨ ᠶᠠᠷᠢᠵᠤ᠂ ᠴᠢᠭ ᠢᠶᠠᠷ | ᠨᠡᠶᠢᠳᠡᠮ ᠢ ᠳᠠᠶᠢᠴᠢᠯᠠᠵᠤ᠂ ᠠᠵᠢᠯ ᠢᠶᠠᠷ ᠰᠤᠷᠤᠯᠴᠠᠯᠭ᠎ᠠ ᠪᠠᠨ ᠠᠬᠢᠭᠤᠯᠵᠤ᠂ ︽ᠪᠤᠰᠤᠳ ᠤᠨ ᠰᠠᠶᠢᠨ ᠲᠠᠯ᠎ᠠ ᠶᠢ ᠨᠢ | ᠠᠪᠴᠤ᠂ ᠥᠪᠡᠷ ᠤᠨ ᠬᠦᠷᠦᠯᠴᠡᠬᠦ ᠦᠭᠡᠢ ᠲᠠᠯ᠎ᠠ ᠪᠠᠨ ᠨᠥᠬᠦᠪᠥᠷᠢᠯᠡᠵᠦ︾᠂ ᠺᠠᠳ᠋ᠷ ᠤᠨ ᠬᠡᠪ ᠴᠢᠨᠠᠷ ᠢ | ᠲᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ︽ᠬᠦᠷᠭᠡᠵᠦ ᠭᠠᠷᠭᠠᠬᠤ︾ ᠪᠣᠯᠪᠠᠰᠤᠷᠠᠯ ᠬᠦᠷᠲᠡᠭᠰᠡᠨ ᠰᠠᠬᠢᠯᠭ᠎ᠠ ᠪᠠᠲᠤ | ᠪᠠᠶᠢᠴᠠᠭᠠᠬᠤ ᠬᠢᠨᠠᠨᠪᠠᠶᠢᠴᠠᠭᠠᠬᠤ ᠺᠠᠳ᠋ᠷ 33 ᠬᠥᠮᠦᠨ ᠤᠳᠠᠭ᠎ᠠ ᠳᠤ ᠬᠦᠷᠴᠡᠶ᠃ ᠡᠭᠦᠨ ᠳᠤ᠂ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ 3 ᠬᠥᠮᠦᠨ ᠤᠳᠠᠭ᠎ᠠ ᠰᠢᠯᠵᠢᠭᠦᠯᠦᠨ ᠪᠤᠯᠪᠠᠰᠤᠷᠠᠭᠤᠯᠤᠯ ᠳᠤ | ᠣᠷᠣᠯᠴᠠᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ 9 ᠬᠥᠮᠦᠨ ᠤᠳᠠᠭ᠎ᠠ ᠰᠢᠯᠵᠢᠭᠦᠯᠦᠨ | ᠪᠤᠯᠪᠠᠰᠤᠷᠠᠭᠤᠯᠤᠯ ᠳᠤ ᠣᠷᠣᠯᠴᠠᠪᠠ︔ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠶᠢᠨ ᠪᠣᠯᠪᠠᠰᠤᠷᠠᠯ ᠳᠤ 14 ᠬᠥᠮᠦᠨ ᠤᠳᠠᠭ᠎ᠠ ᠣᠷᠣᠯᠴᠠᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠪᠣᠯᠪᠠᠰᠤᠷᠠᠯ ᠳᠤ 15 ᠬᠥᠮᠦᠨ ᠤᠳᠠᠭ᠎ᠠ ᠣᠷᠣᠯᠴᠠᠪᠠ᠃ | ᠭᠤᠷᠪᠠ ᠳᠤ᠂ ︽ᠤᠷᠢᠵᠤ ᠣᠷᠣᠭᠤᠯᠵᠤ︾᠂ ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠨ᠎ᠠ᠃ ᠲᠣᠭᠲᠠᠬᠤ | ᠰᠢᠶᠠᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠤᠨ 2019 ᠣᠨ ᠰᠠᠬᠢᠯᠭ᠎ᠠ ᠪᠠᠲᠤ | ᠪᠠᠢᠴᠠᠭᠠᠬᠤ ᠬᠢᠨᠠᠨ ᠪᠠᠢᠴᠠᠭᠠᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ ᠶᠣᠰᠣᠭᠠᠷ᠂ 9 ᠠᠴᠠ 10 | ᠰᠠᠷ᠎ᠠ ᠪᠣᠯᠲᠠᠯ᠎ᠠ᠂ ᠰᠢᠶᠠᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠤᠨ ᠬᠢᠨ ᠳᠡᠭᠡᠰᠦ | ᠱᠠᠲᠤᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠤᠨ ᠲᠤᠰᠬᠠᠶ ᠮᠡᠷᠭᠡᠵᠢᠯᠲᠡᠨ ᠢ | ᠤᠷᠢᠵᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ ᠤᠨ ᠬᠡᠷᠡᠭ ᠢ ᠪᠠᠢᠴᠠᠭᠠᠨ ᠰᠢᠶᠳᠪᠦᠷᠢᠯᠡᠬᠦ ᠠᠷᠭ᠎ᠠ | ᠪᠣᠳᠣᠯᠭ᠎ᠠ᠂ ︽ᠶᠠᠷᠢᠯᠴᠠᠬᠤ᠂ ᠲᠡᠮᠳᠡᠭᠯᠡᠬᠦ᠂ ᠭᠡᠷᠡᠴᠢ ᠠᠪᠬᠤ︾ ᠭᠤᠷᠪᠠᠨ ᠵᠦᠶᠯ ᠤᠨ ᠦᠨᠳᠦᠰᠦᠨ ᠤᠷ᠎ᠠ ᠴᠢᠳᠠᠪᠤᠷᠢ | ᠂ ᠡᠷᠬᠡ ᠲᠤᠰᠢᠶᠠᠯ ᠢᠶᠠᠨ ᠠᠰᠢᠭᠯᠠ ᠶᠠᠯ᠎ᠠ ᠬᠢᠬᠦ ᠶᠢ ᠰᠡᠷᠭᠡᠶᠢᠯᠡᠬᠦ ᠪᠠ ᠲᠤᠰᠢᠶᠠᠯ ᠤᠨ ᠠᠶᠤᠯ ᠲᠦᠭᠰᠢᠭᠦᠷᠢ ᠶᠢ | ᠡᠰᠡᠷᠭᠦᠴᠡᠬᠦ ᠴᠢᠳᠠᠪᠤᠷᠢ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠶᠢᠨ ᠤᠷ᠎ᠠ ᠳᠡᠮ᠂ ᠰᠦᠯᠵᠢᠶᠡᠨ ᠤ ᠶᠠᠯᠠᠲᠤ | ᠠᠵᠢᠯᠯᠠᠭ᠎ᠠ ᠪᠣᠯᠤᠨ ᠡᠯᠧᠺᠲᠷᠣᠨ ᠭᠡᠷᠡᠴᠢ ᠪᠠᠷᠢᠮᠲᠠ ᠶᠢ ᠬᠡᠷᠡᠭᠯᠡᠬᠦ ᠵᠡᠷᠭᠡ ᠲᠠᠯ᠎ᠠ ᠪᠠᠷ ᠪᠣᠯᠪᠠᠰᠤᠷᠠᠯ ᠬᠢᠯᠭᠡᠨ᠎ᠡ᠃ |