ᠲᠣᠭᠲᠠᠬᠤ ᠰᠢᠶᠠᠨ᠄ 2019 ᠣᠨ ᠤ 1 — 7 ᠳ᠋ᠤᠭᠠᠷ ᠰᠠᠷ᠎ᠠ ᠶᠢᠨ ᠠᠵᠤ ᠦᠶᠯᠡᠳᠪᠦᠷᠢ ᠶᠢᠨ ᠠᠵᠤ ᠠᠬᠤᠢ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2019-08-20
      2019 ᠣᠨ ᠤ 1 — 7 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ 29 ᠠᠵᠤ ᠦᠶᠯᠡᠳᠪᠦᠷᠢ ᠶᠢᠨ ᠠᠵᠤ ᠠᠬᠤᠶᠢᠯᠠᠯ ᠳᠤ 12 ᠠᠵᠤ ᠦᠶᠯᠡᠳᠪᠦᠷᠢ ᠶᠢᠨ ᠠᠵᠤ ᠠᠬᠤᠢᠯᠠᠯ ᠲᠣᠭᠲᠠᠭᠤᠨ ᠢᠶᠠᠷ ᠨᠡᠮᠡᠭᠳᠡᠵᠦ᠂ ᠶᠡᠷᠦᠩᠬᠡᠶ ᠲᠣᠭᠠᠨ ᠤ 41.4 % ᠢ ᠡᠵᠡᠯᠡᠪᠡ︔ ᠡᠭᠦᠨ ᠳᠤ ᠬᠡᠰᠡᠭ ᠠᠵᠤ ᠠᠬᠤᠶᠢᠯᠠᠯ ᠨᠢ ᠮᠠᠰᠢᠨ ᠴᠣᠭᠴᠠᠯᠠᠪᠤᠷᠢ ᠶᠢᠨ ᠶᠡᠭᠡ ᠵᠠᠰᠠᠯᠲᠠ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠭᠠᠰᠬᠤ ᠵᠡᠷᠭᠡ ᠬᠦᠴᠦᠨ ᠵᠦᠶᠯ ᠤᠨ ᠨᠥᠯᠥᠭᠡᠯᠡᠯ ᠢᠶᠠᠷ ᠭᠦᠶᠴᠡᠳᠬᠡᠬᠦ ᠲᠤᠭ᠎ᠠ ᠪᠠᠭᠤᠷᠠᠬᠤ ᠪᠠᠶᠢᠳᠠᠯ ᠭᠠᠷᠴᠤ᠂ ᠪᠥᠬᠦ ᠲᠣᠭᠠᠨ ᠤ 48.3 % ᠶᠢ ᠡᠵᠡᠯᠡᠪᠡ︔ 3 ᠠᠵᠤ ᠦᠶᠯᠡᠳᠪᠦᠷᠢ  ᠶᠢᠨ ᠠᠵᠤ ᠠᠬᠤᠶᠢᠯᠠᠯ ︵ᠬᠤᠸᠠ ᠳᠠᠩ ᠬᠥᠩᠭᠡᠨ ᠴᠠᠭᠠᠨ ᠤ ᠦᠶᠯᠡᠰ᠂ ᠾᠧ ᠵᠢᠶᠠ ᠾᠧᠩ᠂ ᠢᠯᠴᠢ ᠬᠦᠴᠦᠨ ᠤ ᠺᠣᠮᠫᠠᠨᠢ︶ ᠲᠦᠷ ᠴᠠᠭ ᠦᠶᠯᠡᠳᠪᠦᠷᠢᠯᠡᠯ ᠵᠣᠭᠰᠣᠭᠰᠠᠨ ᠪᠠᠶᠢᠳᠠᠯ ᠳᠤ ᠪᠠᠶᠢᠵᠤ᠂ ᠪᠥᠬᠦ ᠲᠣᠭᠠᠨ ᠤ 10.3 % ᠶᠢ ᠡᠵᠡᠯᠡᠪᠡ᠃      2019 ᠣᠨ 1 — 7 ᠰᠠᠷ᠎ᠠ ᠳᠤ ᠠᠵᠤ ᠦᠶᠯᠡᠳᠪᠦᠷᠢ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠢᠯᠠᠯ ᠨᠡᠶᠢᠲᠡ 123 ᠳ᠋ᠦᠩᠰᠢᠭᠤᠷ ᠲᠥᠭᠦᠷᠢᠭ ᠤᠨ ᠠᠵᠤ ᠦᠶᠯᠡᠳᠪᠦᠷᠢ ᠶᠢᠨ ᠦᠶᠯᠡᠳᠬᠦᠨ ᠤ ᠶᠡᠷᠦᠩᠬᠡᠶ ᠥᠷᠲᠡᠭ ᠢ ᠪᠡᠶᠡᠯᠡᠭᠦᠯᠵᠦ᠂ ᠣᠳᠣ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 2.4 % ᠪᠠᠭᠤᠷᠠᠵᠤ᠂ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 33 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠣᠳᠣ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 2.1 % ᠪᠠᠭᠤᠷᠠᠵᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1