ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠡᠨ ᠲᠠᠪᠤᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-22
      8 ᠰᠠᠷ᠎ᠠ ᠶᠢᠨ 20 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠡᠨ ᠲᠠᠪᠤᠳᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠦ ᠢᠦᠢ ᠵᠥᠩ᠂ ᠰᠢᠶᠠᠨ ᠤ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠠᠯᠪᠠᠨ ᠭᠡᠷ ᠪᠣᠯᠤᠨ ᠡᠯ᠎ᠡ ᠠᠵᠢᠯ ᠤᠨ ᠺᠣᠮᠢᠰ ᠤᠨ ᠡᠷᠬᠢᠯᠡᠭᠴᠢ᠂ ᠳᠡᠳ᠋ ᠡᠷᠬᠢᠯᠡᠭᠴᠢ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠢᠨᠠᠨ ᠪᠣᠳᠣᠬᠤ ᠲᠣᠪᠴᠢᠶ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠲᠣᠪᠴᠢᠶ᠎ᠠ᠂ ᠵᠠᠰᠠᠭ ᠤᠨ ᠣᠷᠳᠣᠨ ᠤ ᠠᠯᠪᠠᠨ ᠭᠡᠷ ᠵᠢᠴᠢ ᠰᠢᠶᠠᠨ ᠤ ᠬᠠᠷᠢᠶᠠᠳᠦ ᠤᠯᠤᠰ ᠤᠨ ᠦᠮᠴᠢᠯᠡᠯᠳᠦ  ᠠᠷᠪᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ 2019 ᠣᠨ ᠤ 1 — 6 ᠳ᠋ᠤᠭᠠᠷ ᠰᠠᠷ᠎ᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠰᠢᠶᠠᠨ ᠤ ᠠᠷᠠᠳ ᠤᠨ ᠵᠠᠰᠠᠭ ᠶᠢᠨ ᠣᠷᠳᠣᠨ ᠤ 2018 ᠣᠨ ᠤ ᠡᠳ᠋ ᠤᠨ ᠵᠠᠰᠠᠭ ᠤᠨ ᠲᠥᠰᠦᠪ ᠤᠨ ᠭᠦᠶᠴᠡᠳᠬᠡᠯ ᠪᠠ 2019 ᠣᠨ ᠤ 1 — 6 ᠰᠠᠷ᠎ᠠ ᠶᠢᠨ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ ; ᠰᠢᠶᠠᠨ ᠤ ᠠᠷᠠᠳ ᠤᠨ ᠵᠠᠰᠠᠭ ᠤᠨ ᠣᠷᠳᠣᠨ ᠤ 2018 ᠣᠨ ᠤ ᠡᠳ᠋ ᠤᠨ ᠵᠠᠰᠠᠭ ᠤᠨ ᠲᠥᠰᠦᠪ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ︔ 2017 ᠣᠨ ᠤ ᠡᠳ᠋ ᠤᠨ ᠵᠠᠰᠠᠭ ᠤᠨ ᠲᠥᠰᠦᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠰᠢᠶᠠᠨ ᠤ ᠠᠷᠠᠳ  ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ︔ ᠰᠢᠶᠠᠨ ᠤ ᠬᠠᠷᠢᠶᠠᠳᠦ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ ; ᠠᠷᠠᠳ ᠤᠨ ᠬᠠᠪᠰᠤᠷᠤᠨ ᠰᠢᠭᠦᠭᠴᠢ ᠶᠢᠨ ᠣᠷᠣᠨ ᠲᠤᠭ᠎ᠠ ᠶᠢᠨ ᠲᠤᠬᠠᠶ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠠᠨᠠᠯ ᠵᠥᠪᠯᠡᠯᠭᠡ ᠶᠢ ᠬᠢᠨᠠᠨ ᠶᠠᠷᠢᠯᠴᠠᠵᠤ ᠪᠠᠲᠤᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1