ᠪᠦᠬᠦ ᠤᠯᠤᠰ ᠤᠨ ᠨᠠᠷᠠᠲᠤ ᠠᠵᠤ ᠠᠬᠤᠢᠯᠠᠯ ᠰᠢᠨᠵᠢᠯᠡᠨ ᠪᠠᠶᠢᠴᠴᠭᠠᠬᠤ ᠪᠦᠯᠬᠦᠮ ᠲᠤᠭᠳᠠᠬᠤ ᠰᠢᠶᠠᠨ ᠳᠤ ᠰᠢᠨᠵᠢᠯᠡᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2019-08-22
      ᠤᠶᠢᠷ᠎ᠠ ᠳᠤ᠂ ᠳ᠋ᠠ ᠳᠠᠩ ᠮᠥᠩᠭᠦᠨ ᠭᠦᠶᠯᠭᠡᠭᠡᠨ ᠤ ᠬᠤᠪᠢ ᠡᠵᠡᠮᠳᠡᠭᠰᠡᠨ ᠪᠦᠯᠦᠭᠯᠡᠯ ᠤᠨ ᠡᠳ᠋ ᠤᠨ ᠶᠠᠪᠤᠳᠠᠯ ᠤᠨ ᠶᠡᠷᠦᠩᠬᠡᠶ ᠬᠢᠨᠠᠭᠴᠢ ᠬᠠᠨ ᠸᠧᠶ ᠨᠦᠬᠦᠷ ᠤᠨ ᠲᠠᠭᠠᠭᠤᠯᠤᠭᠰᠠᠨ ᠪᠠᠶᠢᠴᠠᠭᠠᠯᠳᠠ ᠶᠢᠨ ᠪᠦᠯᠬᠦᠮ᠂ ᠤᠯᠤᠰ ᠤᠨ ᠪᠠᠯᠠ ᠣᠷᠣᠭᠤᠯᠤᠯᠲᠠ ᠶᠢᠨ ᠮᠥᠩᠭᠦᠨ ᠭᠦᠶᠯᠭᠡᠭᠡᠨ ᠤ ᠪᠦᠯᠦᠭᠯᠡᠯ᠂ ᠳᠤᠮᠳᠠᠳᠤ ᠤᠯᠤᠰ ᠤᠨ ᠷᠧᠨ ᠱᠧᠤ ᠪᠦᠯᠦᠭᠯᠡᠯ ᠤᠨ ᠤᠯᠤᠰ ᠤᠨ ᠨᠠᠰᠤᠵᠢᠯ ᠤᠨ ᠠᠰᠠᠷᠠᠮᠵᠢ ᠶᠢᠨ ᠡᠷᠡᠭᠦᠯ ᠮᠡᠨᠳᠦ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠲᠢᠶᠠᠨᠵᠢᠨ ᠤ ᠬᠤᠪᠢᠶᠠᠷᠢ ᠺᠤᠮᠫᠠᠨᠢ᠂ ᠨᠠᠰᠤᠲᠠᠢᠴᠤᠳ ᠤᠨ ᠵᠥᠪᠯᠡᠯ ᠤᠨ ᠳᠣᠤᠷᠠᠬᠢ ᠳᠤᠮᠳᠠᠳᠤ ᠤᠯᠤᠰ ᠠᠴᠠ ᠯᠧ ᠱᠠᠨ ᠵᠢᠤᠢ ᠨᠡᠷᠡᠲᠦ ᠲᠡᠮᠳᠡᠭᠲᠦ ᠨᠠᠰᠤᠵᠢᠯ ᠤᠨ ᠠᠰᠠᠷᠠᠮᠵᠢ ᠶᠢᠨ ᠲᠥᠪ ᠵᠡᠷᠭᠡ ᠨᠡᠷᠡᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ  ᠢᠶᠠᠷ ᠪᠦᠷᠢᠯᠳᠦᠭᠰᠡᠨ ᠰᠢᠨᠵᠢᠯᠡᠨ ᠪᠠᠶᠢᠴᠠᠭᠠᠬᠤ ᠪᠦᠯᠬᠦᠮ ᠲᠤᠭᠳᠠᠬᠤ ᠰᠢᠶᠠᠨ ᠳᠤ ᠢᠷᠡᠵᠦ ᠠᠵᠢᠯ ᠪᠠᠶᠢᠴᠠᠭᠠᠪᠠ᠃ ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠯᠦ ᠢᠦᠢ ᠵᠦᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠶᠠᠷᠢᠯᠴᠠᠬᠤ ᠬᠤᠷᠠᠯ ᠳᠡᠭᠡᠷ᠎ᠡ᠂  ᠪᠠᠶᠢᠴᠠᠭᠠᠯᠳᠠ ᠶᠢᠨ ᠪᠦᠯᠬᠦᠮ ᠲᠤᠭᠳᠠᠬᠤ ᠰᠢᠶᠠᠨ ᠤ ᠠᠵᠤ ᠠᠬᠤᠶ ᠨᠡᠶᠢᠭᠡᠮ  ᠤᠨ ᠬᠥᠭᠵᠢᠯᠲᠡ ᠪᠣᠯᠤᠨ ᠪᠡᠯᠡ ᠣᠷᠣᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠰᠢᠶᠠᠨ ᠤ ᠪᠠᠶᠢᠳᠠᠯ ᠤᠨ ᠤᠬᠠᠭᠤᠯᠭ᠎ᠠ ᠶᠢᠨ ᠹᠢᠯᠢᠮ  ᠢ ᠦᠵᠡᠪᠡ᠃ ᠲᠤᠭᠳᠠᠬᠤ ᠰᠢᠶᠠᠨ ᠪᠣᠯ ᠰᠤᠶᠤᠯᠳᠦ ᠨᠤᠲᠤᠭ ᠮᠦᠷᠳᠡᠭᠡᠨ᠂ ᠨᠠᠩ ᠴᠤ ᠪᠡᠯᠡ ᠤᠷᠤᠭᠤᠯᠤᠯᠳᠠ ᠶᠢᠨ ᠰᠢᠮᠡᠳᠦ ᠬᠦᠷᠦᠰᠤᠳᠦ ᠤᠷᠤᠨ ᠪᠤᠯᠤᠨ᠎ᠠ᠂ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠪᠠᠷ ᠳᠠᠮᠵᠢᠨ᠂ ᠲᠤᠭᠳᠠᠬᠤ ᠰᠢᠶᠠᠨ ᠤ ᠨᠥᠬᠦᠴᠡᠯ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠪᠡᠯᠡ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠭᠦᠢᠴᠡᠳ ᠤᠶᠢᠯᠠᠭᠠᠯ᠎ᠠ ᠭᠡᠵᠦ ᠢᠯᠡᠳᠬᠡᠪᠡ᠃ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠡᠯ᠎ᠡ ᠠᠵᠤ ᠠᠬᠤᠢᠯᠠᠯ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠲᠣᠭᠲᠠᠬᠤ ᠰᠢᠶᠠᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠣᠭᠲᠠᠬᠤ ᠰᠢᠶᠠᠨ ᠳᠤ ᠲᠥᠷᠥᠯ ᠵᠦᠶᠯ ᠢ ᠡᠷᠲᠡᠬᠡᠨ ᠨᠠᠢᠳᠠᠪᠤᠷᠢᠵᠢᠭᠤᠯᠬᠤ᠂ ᠡᠷᠲᠡᠬᠡᠨ ᠠᠵᠢᠯ ᠡᠬᠢᠯᠡᠭᠦᠯᠵᠦ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ  ᠪᠠᠶᠢᠴᠠᠭᠠᠯᠳᠠ ᠶᠢᠨ ᠪᠦᠯᠬᠦᠮ ᠤᠨ ᠬᠦᠷᠴᠦ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠲᠣᠭᠲᠠᠬᠤ ᠰᠢᠶᠠᠨ ᠤ ᠲᠡᠦᠬᠡ ᠥᠨᠢ ᠤᠳᠠᠭᠠᠨ᠂ ᠰᠣᠶᠣᠯ ᠭᠦᠨ ᠵᠤᠵᠠᠭᠠᠨ᠂  ᠨᠤᠳᠤᠭ ᠲᠡᠪᠢᠰᠭᠡᠷ ᠥᠷᠭᠡᠨ ᠠᠭᠤᠳᠠᠮ ᠪᠠᠶᠢᠳᠠᠭ᠃ ᠤᠶᠢᠷ᠎ᠠ ᠶᠢᠨ ᠵᠢᠯ ᠠᠴᠠ ᠨᠠᠭᠠᠰᠢ᠂ ᠲᠤᠭᠳᠠᠬᠤ ᠰᠢᠶᠠᠨ ᠪᠡᠯᠡ ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠲᠡᠭᠦᠯᠳᠡᠷᠵᠢᠭᠦᠯᠵᠦ᠂ ᠠᠵᠤ ᠦᠶᠯᠡᠳᠪᠦᠷᠢ ᠶᠢᠨ ᠬᠦᠷᠢᠶᠡᠯᠡᠩ ᠤᠨ ᠳᠠᠭᠠᠭᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠣᠯᠠᠨ ᠪᠡᠯᠡ ᠣᠷᠣᠭᠤᠯᠤᠭᠴᠢᠳ ᠲᠤ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ  ᠪᠦᠷᠢᠳᠦᠭᠦᠯᠦᠭᠰᠡᠭᠡᠷ ᠢᠷᠡᠵᠡᠢ᠃ ᠲᠣᠰ ᠤᠳᠠᠭᠠᠨ ᠤ ᠪᠠᠯᠠ ᠣᠷᠣᠭᠤᠯᠤᠯᠲᠠ ᠶᠢᠨ ᠰᠢᠨᠵᠢᠯᠡᠨ ᠪᠠᠶᠢᠴᠠᠭᠠᠯᠲᠠ ᠪᠠᠷ ᠳᠠᠮᠵᠢᠭᠤᠯᠤᠨ᠂ ᠬᠠᠮᠲᠤᠷᠠᠯᠴᠠᠭᠠᠨ ᠤ ᠣᠷᠣᠨ ᠵᠠᠶ ᠶᠢ ᠥᠷᠭᠡᠳᠬᠡᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠤᠨ᠂ ᠠᠷᠠᠯᠵᠢᠶ᠎ᠠ ᠪᠠᠷ ᠬᠤᠳᠠᠯᠳᠤᠭᠠᠴᠢᠨ ᠤᠷᠢᠵᠤ᠂ ᠲᠣᠭᠲᠠᠬᠤ ᠰᠢᠶᠠᠨ ᠢ ᠠᠩᠬᠠᠷᠤᠨ᠂ ᠲᠣᠭᠲᠠᠬᠤ ᠰᠢᠶᠠᠨ ᠢ ᠤᠬᠠᠭᠤᠯᠵᠤ᠂ ᠨᠠᠩ ᠣᠯᠠᠨ ᠪᠠᠯᠠ ᠣᠷᠣᠭᠤᠯᠤᠯᠲᠠ ᠶᠢᠨ ᠬᠦᠴᠦᠨ ᠢ ᠲᠣᠭᠲᠠᠬᠤ ᠰᠢᠶᠠᠨ ᠳᠤ ᠲᠥᠪᠯᠡᠷᠡᠭᠦᠯᠵᠦ᠂ ᠠᠵᠢᠯ ᠦᠶᠯᠡᠰ ᠢᠶᠠᠨ ᠪᠦᠲᠦᠭᠡᠵᠦ᠂ ᠲᠣᠭᠲᠠᠬᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠢᠨ᠎ᠠ ᠭᠡᠵᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1