ᠭᠦ᠋ ᠴᠧᠩ ᠪᠠᠯᠭᠠᠰᠦ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2019-08-26
      ᠪᠥᠬᠦ ᠬᠤᠲᠠ ᠶᠢᠨ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠬᠦ᠂ ᠬᠦᠬᠡᠬᠤᠳᠠ ᠪᠠᠨ ᠬᠠᠶᠢᠷᠠᠯᠠᠵᠦ᠂ ᠬᠦᠬᠡᠬᠤᠳᠠ ᠳᠤ ᠬᠤᠪᠢ ᠨᠡᠮᠡᠷᠢ ᠦᠵᠡᠭᠦᠯᠬᠦ︾ ᠭᠤᠤᠯ ᠰᠡᠳᠦᠪᠲᠦ ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠣᠯᠠᠨ ᠲᠦᠮᠡᠨ ᠢ ᠳᠠᠶᠢᠴᠢᠯᠠᠨ ᠪᠥᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 19 ᠤ ᠡᠳᠦᠷ᠂ ᠭᠦ᠋ ᠴᠧᠩ  ᠪᠠᠯᠭᠠᠰᠤ᠂ ᠰᠢᠶᠠᠨ ᠤ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠠᠯᠭᠠᠰᠤᠨ ᠤ ᠬᠡᠪᠴᠢᠶᠡᠨ ᠳᠠᠬᠢ ᠬᠡᠲᠦ ᠳᠡᠯᠭᠡᠭᠦᠷ᠂ ᠬᠤᠳᠠᠯᠳᠤᠭᠠᠨ ᠤ ᠫᠦᠰᠡ᠂ ᠬᠤᠭᠤᠯᠠᠨ ᠭᠡᠷ ᠵᠡᠷᠭᠡ ᠳᠤ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠪᠡ᠃      ᠲᠣᠰ ᠤᠳᠠᠭᠠᠨ ᠤ ᠪᠠᠶᠢᠴᠠᠭᠠᠯᠲᠠ ᠳᠤ᠂ ᠪᠠᠯᠭᠠᠰᠤᠨ ᠤ ᠬᠡᠪᠴᠢᠶᠡᠨ ᠳᠠᠬᠢ ᠬᠡᠲᠦ ᠳᠡᠯᠭᠡᠭᠦᠷ᠂ ᠢᠳᠡᠭᠡᠨ ᠤ ᠡᠵᠡᠩᠨᠡᠯᠲᠡ ᠶᠢᠨ ᠡᠷᠦᠬᠡ᠂ ᠬᠤᠭᠤᠯᠠᠨ ᠭᠡᠷ ᠵᠡᠷᠭᠡ ᠭᠠᠵᠠᠷ ᠢᠶᠠᠷ ᠭᠤᠤᠯᠳᠠᠯᠭ᠎ᠠ ᠪᠣᠯᠭᠠᠵᠤ᠂ ᠡᠵᠡᠩᠨᠡᠯᠲᠡ ᠶᠢᠨ ᠦᠨᠡᠮᠯᠡᠯ ᠨᠢ ᠪᠦᠷᠢᠨ ᠭᠦᠶᠴᠡᠳ ᠡᠰᠡᠬᠦ᠂ ᠪᠠᠷᠢᠮᠵᠢᠶ᠎ᠠ ᠳᠤ ᠬᠦᠷᠦᠭᠰᠡᠨ ᠡᠰᠡᠬᠦ᠂ ︽ᠭᠤᠷᠪᠠ ᠦᠭᠡᠢ︾ ᠢᠳᠡᠭᠡᠨ᠂ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠨᠢ ᠬᠤᠪᠢᠷᠠᠭᠰᠠᠨ ᠵᠡᠷᠭᠡ ᠢᠳᠡᠭᠡᠨ ᠢᠶᠠᠷ ᠭᠤᠤᠯ ᠠᠭᠤᠯᠭ᠎ᠠ ᠪᠣᠯᠭᠠᠨ ᠶᠠᠪᠤᠭᠳᠠᠭᠤᠯᠵᠤ᠂ ᠢᠳᠡᠭᠡᠨ ᠤ ᠦᠶᠯᠡᠳᠪᠦᠷᠢᠯᠡᠭᠰᠡᠨ ᠡᠳᠦᠷ ᠬᠤᠭᠤᠴᠠᠭ᠎ᠠ᠂ ᠬᠤᠭᠤᠯᠠᠨ ᠤ ᠬᠤᠭᠤᠴᠠᠭ᠎ᠠ ᠵᠡᠷᠭᠡ ᠲᠡᠮᠳᠡᠭ ᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠬᠤᠭᠤᠴᠠᠭ᠎ᠠ ᠨᠢ ᠥᠩᠭᠡᠷᠡᠭᠰᠡᠨ ᠴᠢᠨᠠᠷ ᠬᠤᠪᠢᠷᠠᠭᠰᠠᠨ ᠪᠠ  ︽ᠭᠤᠷᠪᠠ ᠦᠭᠡᠢ︾ ᠢᠳᠡᠭᠡᠨ ᠤ ᠵᠠᠬ᠎ᠠ ᠳᠡᠯᠭᠡᠭᠦᠷ ᠲᠤ ᠣᠷᠣᠬᠤ ᠶᠢ ᠡᠷᠡᠰ ᠰᠡᠷᠭᠡᠶᠢᠯᠡᠨ᠎ᠡ᠃ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠪᠠᠶᠢᠴᠠᠭᠠᠬᠤ ᠠᠵᠢᠯᠲᠠᠨ ᠬᠤᠳᠠᠯᠳᠤᠭᠠᠴᠢᠨ ᠡᠷᠦᠬᠡ ᠳᠤ ᠴᠡᠭᠴᠡᠯᠡᠨ ᠥᠭᠡᠷᠡᠴᠢᠯᠡᠬᠦ ᠮᠡᠳᠡᠭᠳᠡᠯ ᠭᠠᠷᠭᠠᠵᠤ᠂ ᠬᠤᠳᠠᠯᠳᠤᠭᠠᠴᠢᠨ ᠡᠷᠦᠬᠡ ᠶᠢ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠵᠦ᠂ ᠬᠦᠨᠳᠦ ᠨᠣᠴᠢᠲᠠᠶ ᠠᠰᠠᠭᠤᠳᠠᠯ ᠣᠷᠣᠰᠢᠵᠤ ᠪᠠᠶᠢᠭ᠎ᠠ ᠶᠢ ᠨᠢ ᠬᠠᠤᠯᠢ ᠶᠣᠰᠣᠭᠠᠷ ᠴᠢᠩᠭ᠎ᠠ ᠰᠢᠶᠳᠪᠦᠷᠢᠯᠡᠬᠦ ᠬᠡᠷᠡᠭᠲᠡᠶ ᠭᠡᠵᠦ ᠱᠠᠭᠠᠷᠳᠠᠵᠠᠶ᠃ ᠡᠭᠦᠨ ᠤ ᠵᠡᠷᠭᠡ ᠪᠠᠷ᠂ ᠪᠠᠶᠢᠴᠠᠭᠠᠬᠤ ᠠᠵᠢᠯᠲᠠᠨ ᠡᠵᠡᠩᠨᠡᠯᠲᠡ ᠶᠢᠨ ᠡᠷᠦᠬᠡ ᠳᠤ ᠢᠳᠡᠭᠡᠨ ᠤ ᠠᠶᠤᠯᠭᠦᠶ ᠶᠢᠨ ᠬᠠᠤᠯᠢ ᠴᠠᠭᠠᠵᠠ ᠵᠢᠴᠢ ᠶᠠᠰᠤ ᠴᠢᠨᠠᠷ ᠤᠨ ᠠᠶᠤᠯᠭᠦᠶ ᠶᠢᠨ ᠶᠡᠷᠦ ᠶᠢᠨ ᠮᠡᠳᠡᠯᠭᠡ ᠶᠢ ᠬᠦᠯᠢᠴᠡᠩᠭᠦᠢ ᠣᠯᠭᠤᠵᠤ᠂ ᠢᠳᠡᠭᠡᠨ ᠤ ᠠᠶᠤᠯᠭᠦᠶ ᠶᠢᠨ ᠳᠠᠯᠳᠠ ᠭᠡᠮ ᠢ ᠰᠡᠷᠭᠡᠶᠢᠯᠡᠬᠦ ᠶᠠᠪᠤᠳᠠᠯ ᠢ ᠠᠩᠬᠠᠷᠬᠤ ᠶᠢ ᠣᠯᠠᠨ ᠳᠤ ᠰᠡᠷᠡᠮᠵᠢᠯᠡᠭᠦᠯᠵᠦ᠂ ᠡᠵᠡᠩᠨᠡᠯᠲᠡ ᠶᠢᠨ ᠡᠷᠦᠬᠡ ᠶᠢᠨ ᠠᠵᠢᠯ ᠲᠥᠷᠥᠯ ᠤᠨ ᠪᠡᠶ᠎ᠡ ᠪᠠᠨ ᠪᠠᠷᠢᠬᠤ ᠤᠬᠠᠮᠰᠠᠷ ᠪᠠ ᠢᠳᠡᠭᠡᠨ  ᠤ ᠠᠶᠤᠯᠭᠦᠶ ᠶᠢᠨ ᠤᠬᠠᠮᠰᠠᠷ ᠢ ᠲᠡᠭᠡᠭᠰᠢᠯᠡᠭᠦᠯᠪᠡ᠃      ᠲᠣᠰ ᠤᠳᠠᠭᠠᠨ ᠤ ᠶᠡᠭᠡ ᠪᠠᠶᠢᠴᠠᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠭᠦ᠋ ᠴᠧᠩ ᠪᠠᠯᠭᠠᠰᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠮᠤᠷ ᠲᠦᠪᠰᠢᠨ ᠪᠤᠰᠤ᠂ ᠬᠢᠷᠢ ᠲᠡᠩᠴᠡᠬᠦ ᠦᠭᠡᠢ ᠢᠳᠡᠭᠡᠨ ᠣᠷᠣᠵᠤ ᠢᠷᠡᠬᠦ ᠶᠢ ᠬᠤᠷᠢᠭᠯᠠᠨ ᠵᠣᠭᠰᠣᠭᠠᠵᠤ᠂ ᠬᠡᠷᠡᠭᠯᠡᠭᠴᠢᠳ ᠲᠤ ᠨᠢᠭᠡᠨ ᠠᠮᠤᠷ ᠲᠦᠪᠰᠢᠨ ᠪᠥᠭᠡᠳ ᠰᠠᠨᠠᠭ᠎ᠠ ᠠᠮᠤᠷ ᠢᠳᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ ᠂ ᠭᠦ᠋ ᠴᠧᠩ ᠪᠠᠯᠭᠠᠰᠤ ᠶᠢᠨ ᠢᠳᠡᠭᠡᠨ ᠤ ᠠᠵᠢᠯ ᠡᠷᠬᠢᠯᠡᠭᠰᠡᠳ ᠤᠨ ᠬᠠᠤᠯᠢ ᠶᠣᠰᠣᠭᠠᠷ ᠡᠵᠡᠩᠨᠡᠬᠦ ᠦᠵᠡᠯ ᠤᠬᠠᠮᠰᠠᠷ  ᠢ ᠨᠡᠮᠡᠭᠳᠡᠭᠦᠯᠵᠦ᠂ ᠥᠷᠭᠡᠨ ᠣᠯᠠᠨ ᠠᠷᠠᠳ ᠲᠦᠮᠡᠨ ᠤ ᠢᠳᠡᠭᠡᠨ ᠤᠮᠳᠠᠭᠠᠨ ᠤ ᠬᠡᠷᠡᠭᠯᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1