ᠲᠤᠭᠳᠠᠬᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠫᠠᠩ ᠯᠢ ᠨᠠᠷ ᠭᠦ᠋ ᠴᠧᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-08-26
      8 ᠰᠠᠷ᠎ᠠ ᠶᠢᠨ 22 ᠤ ᠡᠳᠦᠷ ᠤᠨ ᠦᠳᠡ ᠬᠤᠶᠢᠨ᠎ᠠ᠂ ᠲᠣᠭᠲᠠᠬᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠫᠠᠩ ᠯᠢ ᠨᠠᠷ ᠲᠣᠭᠲᠠᠬᠤ ᠰᠢᠶᠠᠨ ᠤ ᠭᠦ᠋ ᠴᠧᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠂ ᠲᠣᠭᠲᠠᠬᠤ ᠰᠢᠶᠠᠨ ᠤ ᠭᠦ᠋ ᠴᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶ ᠶᠠ ᠨᠠᠨ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠴᠠᠩ ᠭᠤᠸᠠᠩ ᠷᠦᠩ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃      ᠫᠠᠩ ᠯᠢ ᠨᠠᠷ ᠬᠤᠶᠢᠳᠦ ᠲᠠᠶᠢᠵᠢ ᠲᠣᠰᠬᠤᠨ ᠳᠤ ᠬᠦᠷᠴᠦ᠂ ᠠᠷᠢᠭᠤᠨ ᠴᠢᠬᠡᠴᠢ ᠵᠠᠰᠠᠭ ᠤᠨ ᠤᠷᠲᠤ ᠬᠤᠩᠭᠢᠯ ᠪᠣᠯᠤᠨ ᠭᠤᠷᠪᠠᠨ ᠶᠠᠪᠤᠳᠠᠯ ᠢ ᠢᠯᠠ ᠪᠣᠯᠭᠠᠬᠤ ᠪᠤᠯᠤᠩ ᠢ ᠪᠠᠶᠢᠴᠠᠭᠠᠨ ᠦᠵᠡᠵᠦ᠂ ᠲᠣᠰᠬᠤᠨ ᠤ ᠺᠠᠳ᠋ᠷᠴᠤᠳ ᠠᠴᠠ ᠬᠠᠮᠢᠶ᠎ᠠ ᠪᠦᠬᠦᠢ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠣᠰᠬᠤᠨ ᠤ ᠠᠷᠠᠳ ᠤᠨ ᠢᠯᠠ ᠪᠣᠯᠭᠠᠬᠤ ᠠᠭᠤᠯᠭ᠎ᠠ ᠶᠢ ᠣᠯᠵᠤ ᠦᠵᠡᠵᠦ ᠣᠶᠢᠯᠠᠭᠠᠬᠤ ᠡᠰᠡᠬᠦ ᠶᠢ ᠲᠤᠶᠢᠯ ᠢᠶᠠᠷ ᠬᠠᠯᠠᠮᠵᠢᠯᠠᠵᠤ ᠪᠠᠶᠢᠯ᠎ᠠ᠃ ᠳᠠᠷᠠᠭ᠎ᠠ  ᠨᠢ ᠫᠠᠩ ᠯᠢ ᠨᠠᠷ  ︽ᠭᠤᠷᠪᠠᠨ ᠶᠠᠪᠤᠳᠠᠯ ᠢ ᠢᠯᠡ ᠪᠣᠯᠭᠠᠬᠤ︾ ᠳᠠᠩᠰᠠ ᠡᠪᠬᠡᠮᠡᠯ ᠢ ᠨᠠᠷᠢᠨ ᠨᠢᠮᠪᠠᠶ ᠤᠩᠰᠢᠵᠤ᠂ ᠭᠦ᠋ ᠴᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶ ᠶᠠ ᠨᠠᠨ ᠤ ᠭᠦ᠋ ᠴᠧᠩ ᠪᠠᠯᠭᠠᠰᠤᠨ ᠤ ᠭᠤᠷᠪᠠᠨ ᠶᠠᠪᠤᠳᠠᠯ ᠢ ᠢᠯᠡ ᠪᠣᠯᠭᠠᠬᠤ ᠠᠵᠢᠯ ᠤᠨ ᠶᠡᠷᠦᠩᠬᠡᠶ ᠪᠠᠶᠢᠳᠠᠯ ᠢ ᠰᠣᠨᠣᠰᠪᠠ᠃ ᠫᠠᠩ ᠯᠢ ᠲᠤᠭᠳᠠᠬᠤ ᠰᠢᠶᠠᠨ ᠤ ᠭᠦ᠋ ᠴᠧᠩ ᠪᠠᠯᠭᠠᠰᠤᠨ ᠤ ᠭᠤᠷᠪᠠᠨ ᠶᠠᠪᠤᠳᠠᠯ ᠢ ᠢᠯᠡ ᠪᠣᠯᠭᠠᠬᠤ ᠠᠵᠢᠯ ᠢ ᠭᠦᠢᠴᠡᠳ ᠨᠤᠲᠠᠯᠠᠭᠰᠠᠨ ᠪᠥᠭᠡᠳ ᠭᠤᠷᠪᠠᠨ ᠶᠠᠪᠤᠳᠠᠯ ᠢ ᠢᠯᠡ ᠪᠣᠯᠭᠠᠬᠤ ᠠᠵᠢᠯ ᠪᠣᠯ ᠲᠦᠢᠯ ᠤᠨ ᠴᠢᠬᠤᠯᠠ ᠶᠤᠮ᠂ ᠯᠠᠪᠳᠠᠭᠤᠨ ᠪᠠᠲᠤᠲᠠᠶ ᠠᠳᠬᠤᠬᠤ ᠬᠡᠷᠡᠭᠲᠡᠶ᠂ ᠡᠭᠦᠨ ᠤ ᠵᠡᠷᠭᠡ ᠪᠠᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠵᠤ᠂ ᠢᠯᠡ ᠪᠣᠯᠭᠠᠬᠤ ᠪᠤᠯᠤᠩ᠂ ᠢᠨᠲ᠋ᠧᠷ ᠰᠦᠯᠵᠢᠶ᠎ᠡ ᠪᠠ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠬᠡᠷᠡᠭᠯᠡᠬᠦ ᠬᠡᠷᠡᠭᠲᠡᠶ᠂ ᠣᠯᠠᠨ ᠲᠦᠮᠡᠨ ᠶᠠᠭᠤ ᠶᠢ ᠠᠩᠬᠠᠷᠴᠤ ᠪᠠᠶᠬᠤ︖ ᠶᠠᠭᠤ ᠶᠢ ᠢᠯᠠ ᠪᠣᠯᠭᠠᠬᠤ ᠲᠤᠬᠠᠶ᠂ ᠣᠯᠠᠨ ᠲᠦᠮᠡᠨ ᠤ ᠠᠩᠬᠠᠷᠴᠤ ᠪᠠᠶᠢᠭ᠎ᠠ ᠲᠣᠰ ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠤᠩᠭᠤᠯᠳᠠ  ᠲᠠᠢ ᠢᠯᠠ ᠪᠣᠯᠭᠠᠬᠤ ᠶᠢ ᠡᠷᠡᠰ ᠬᠤᠷᠢᠭᠯᠠᠵᠤ᠂ ︽ᠭᠤᠷᠪᠠᠨ ᠵᠦᠶᠯ ᠤᠨ ᠶᠠᠪᠤᠳᠠᠯ︾ ᠢ ᠢᠯᠠ ᠪᠣᠯᠭᠠᠬᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1