ᠱᠤᠸᠠᠩ ᠾᠧ ᠪᠠᠯᠭᠠᠰᠤ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠬᠤ ︽ᠵᠠᠭᠤᠨ ᠡᠳᠦᠷ ᠤᠨ ᠠᠷᠢᠭᠤᠨ ᠴᠡᠪᠡᠷ ᠤᠨ ᠠᠵᠢᠯᠯᠠᠭ᠎ᠠ︾ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2019-08-08
     ᠱᠤᠸᠠᠩ ᠾᠧ ᠪᠠᠯᠭᠠᠰᠤᠨ ᠤ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠠᠷᠢᠭᠤᠨ ᠴᠡᠪᠡᠷ ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠰᠢ᠂ ᠪᠠᠯᠭᠠᠰᠤᠨ ᠤ ᠵᠠᠰᠠᠭ ᠤᠨ ᠣᠷᠳᠣᠨ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠪᠠᠷ ᠭᠤᠤᠯᠳᠠᠯᠭ᠎ᠠ ᠪᠣᠯᠭᠠᠵᠤ᠂ ᠭᠤᠷᠪᠠᠨ ᠠᠷᠭ᠎ᠠ ᠬᠡᠮᠵᠢᠶ᠎ᠡ ᠠᠪᠴᠤ ︽ᠵᠠᠭᠤᠨ ᠡᠳᠦᠷ ᠤᠨ ᠠᠷᠢᠭᠤᠨ ᠴᠡᠪᠡᠷ ᠤᠨ ᠠᠵᠢᠯᠯᠠᠭ᠎ᠠ︾ ᠶᠢ ᠠᠬᠢᠭᠤᠯᠵᠤ᠂ ᠪᠥᠬᠦ ᠪᠠᠯᠭᠠᠰᠤᠨ ᠳᠤ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠥᠷᠨᠢᠯᠲᠡ ᠶᠢ ᠪᠣᠶ ᠪᠤᠯᠭᠠᠪᠠ᠃      ᠥᠷᠭᠡᠨ ᠢᠶᠠᠷ ᠤᠬᠠᠭᠤᠯᠤᠨ  ᠲᠠᠶᠢᠴᠢᠯᠠᠯᠳᠠ ᠬᠢᠪᠡ᠃ ᠬᠤᠷᠠᠯ ᠬᠤᠷᠠᠯᠳᠤᠭᠤᠯᠬᠤ᠂ ᠬᠥᠨᠳᠡᠯᠡᠨ ᠪᠢᠴᠢᠭᠡᠰᠦ ᠡᠯᠭᠦᠬᠦ᠂ ᠬᠥᠳᠡᠭᠡ ᠲᠣᠰᠬᠤᠨ ᠤ ᠴᠡᠭᠴᠡᠯᠡᠨ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠤᠨ ᠥᠩᠭᠡᠲᠦ ᠬᠠᠭᠤᠳᠠᠰᠤ  ᠶᠢ ᠳᠠᠷᠤᠮᠠᠯᠯᠠᠨ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠪᠠᠯᠭᠠᠰᠤᠨ ᠤ 16 ᠵᠠᠰᠠᠭ ᠵᠠᠬᠢᠷᠭᠠᠨ ᠤ ᠲᠣᠰᠬᠤᠨ᠂ 11 ᠨᠡᠶᠢᠭᠡᠮ ᠲᠣᠭᠤᠷᠢᠭ ᠤᠨ ᠬᠡᠪᠴᠢᠶᠡᠨ ᠳᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠠᠷᠢᠭᠤᠨ ᠴᠡᠪᠡᠷ ᠤᠨ ᠠᠵᠢᠯᠯᠠᠭ᠎ᠠ︾ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠣᠷᠣᠯᠴᠠᠭᠤᠯᠵᠤ᠂ ᠡᠭᠦᠨ ᠤ ᠤᠯᠠᠮ ᠠᠴᠠ ᠪᠦᠬᠦ ᠪᠠᠯᠭᠠᠰᠤᠨ ᠤ ᠵᠡᠷᠭᠡ ᠪᠠᠷ ᠠᠳᠬᠤᠬᠤ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃      ᠴᠡᠭᠴᠡᠯᠡᠨ ᠵᠠᠰᠠᠬᠤ ᠭᠤᠤᠯᠳᠠᠯᠭ᠎ᠠ ᠶᠢ ᠳᠣᠪᠣᠶᠢᠯᠭᠠᠨ᠎ᠠ᠃ ᠪᠠᠯᠭᠠᠰᠤᠨ ᠤ ᠬᠡᠪᠴᠢᠶᠡᠨ ᠳᠣᠲᠣᠷᠠᠬᠢ 16 ᠵᠠᠰᠠᠭ ᠵᠠᠬᠢᠷᠭᠠᠨ ᠤ ᠲᠣᠰᠬᠤᠨ᠂ 49 ᠠᠶᠢᠯ ᠲᠣᠰᠬᠤᠨ ᠳᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠣᠯᠠᠨ ᠨᠡᠶᠢᠲᠡ ᠶᠢᠨ ᠲᠠᠯᠠᠪᠤᠷ ᠭᠠᠵᠠᠷ᠂ ᠲᠣᠰᠬᠤᠨ ᠤ ᠵᠠᠮ ᠳᠠᠭᠠᠤ᠂ ᠡᠷᠦᠬᠡ ᠳᠤ ᠣᠷᠣᠬᠤ ᠵᠠᠮ᠂ ᠭᠡᠷ ᠪᠠᠶᠢᠰᠢᠩ ᠤᠨ ᠡᠮᠦᠨ᠎ᠡ ᠬᠤᠶᠢᠨ᠎ᠠ ᠵᠡᠷᠭᠡ ᠬᠤᠭ ᠨᠣᠪᠰᠢ᠂ ᠡᠯᠳᠡᠪ ᠡᠪᠡᠰᠦ ᠲᠦᠯᠡᠭᠡ ᠮᠣᠳᠣ ᠶᠢ ᠴᠡᠪᠡᠷᠯᠡᠬᠦ ᠠᠵᠢᠯ ᠢ ᠥᠷᠨᠢᠭᠦᠯᠵᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠠᠰᠠᠭᠤᠳᠠᠯ ᠢ ᠰᠢᠶᠳᠪᠦᠷᠢᠯᠡᠨ᠎ᠡ᠃ ᠰᠠᠭᠠᠯᠴᠢᠨ ᠠᠴᠠ ᠯᠢᠶᠠᠩ ᠴᠧᠩ ᠱᠤᠭᠤᠮ ︵ᠵᠡᠭᠦᠨ ᠠᠴᠠ ᠴᠧᠩ ᠺᠸᠦ᠂ ᠪᠠᠷᠠᠭᠤᠨ ᠬᠤᠶᠢᠲᠤ ᠶᠢᠨ ᠴᠧᠩ ᠺᠸᠦ︶᠂ ᠬᠠᠳᠤᠨ ᠭᠤᠣᠯ ᠳᠠᠭᠠᠤ ᠶᠢᠨ ᠵᠠᠰᠠᠮᠠᠯ ᠵᠠᠮ᠂  ᠲᠤᠭᠳᠠᠬᠤ ᠰᠢᠶᠠᠨ ᠠᠴᠠ ᠬᠦᠬᠡᠬᠤᠳᠠ ᠬᠦᠷᠬᠦ ᠬᠠᠭᠤᠴᠢᠨ ᠵᠠᠮ᠂ ᠲᠡᠭᠡᠳᠦ ᠬᠤᠷᠳᠤᠴᠠᠳᠦ ᠵᠠᠰᠠᠮᠠᠯ ᠵᠠᠮ᠂ ᠨᠡᠭᠦᠷᠡᠰᠦ ᠵᠦᠭᠡᠭᠡᠪᠦᠷᠢᠯᠡᠬᠦ ᠲᠤᠰᠬᠠᠢ ᠱᠤᠭᠤᠮ᠂ ᠲᠧᠩ ᠹᠸᠢ ᠶᠡᠭᠡ ᠵᠠᠮ ᠵᠡᠷᠭᠡ ᠪᠠᠯᠭᠠᠰᠤ ᠳᠤ ᠬᠠᠷᠢᠶᠠᠯᠠᠭᠳᠠᠬᠤ ᠡᠯ᠎ᠡ ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠢ ᠬᠤᠯᠪᠣᠬᠤ ᠱᠤᠭᠤᠮ ᠪᠣᠯᠤᠨ ᠲᠣᠰᠬᠤᠨ ᠳᠤ ᠨᠡᠪᠲᠡᠷᠡᠬᠦ ᠵᠠᠮ ᠤᠨ ᠬᠤᠶᠠᠷ ᠬᠠᠵᠠᠭᠤ ᠶᠢᠨ ᠣᠷᠣᠨ ᠳᠤ ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠦᠷᠨᠢᠭᠦᠯᠪᠡ᠃      ᠣᠳᠣᠬᠠᠨ ᠪᠣᠯᠲᠠᠯ᠎ᠠ᠂ ᠨᠡᠶᠢᠲᠡ 100 ᠬᠥᠮᠦᠨ ᠤᠳᠠᠭ᠎ᠠ ᠺᠠᠳ᠋ᠷ ᠣᠯᠠᠨ ᠲᠦᠮᠡᠨ ᠢ ᠬᠥᠳᠡᠯᠭᠡᠵᠦ᠂ 50 ᠰᠠᠤᠷᠢ ᠲᠡᠷᠭᠡ ᠴᠡᠪᠡᠷᠯᠡᠨ ᠲᠡᠭᠡᠭᠡᠪᠦᠷᠢᠯᠡᠵᠦ᠂ 500 ᠪᠣᠰᠤᠭ᠎ᠠ ᠳᠥᠷᠪᠡᠯᠵᠢᠨ ᠮᠧᠲᠷ ᠬᠤᠭ ᠨᠣᠪᠰᠢ ᠶᠢ ᠴᠡᠪᠡᠷᠯᠡᠵᠡᠶ᠃ ᠤᠷᠲᠤ ᠬᠤᠭᠤᠴᠠᠭ᠎ᠠ ᠪᠦᠲᠦᠮᠵᠢᠲᠡᠶ᠂ ᠴᠡᠭᠴᠡᠯᠡᠨ ᠵᠠᠰᠠᠬᠤ᠂ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠵᠤ᠂ ᠡᠯ᠎ᠡ ᠲᠣᠰᠬᠤᠨ ᠵᠠᠯᠭᠠᠭ᠎ᠠ ᠪᠠᠷ ︽ᠲᠣᠰᠬᠤᠨ ᠤ ᠳᠦᠷᠢᠮ ᠠᠷᠠᠳ ᠤᠨ ᠭᠡᠷ᠎ᠡ︾ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠭᠴᠡᠯᠡᠨ ᠵᠠᠰᠠᠬᠤ ᠬᠠᠮᠢᠶ᠎ᠠ ᠪᠦᠬᠦᠢ  ᠠᠭᠤᠯᠭ᠎ᠠ ᠵᠢᠴᠢ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠶᠢ ᠡᠭᠦᠨ ᠳᠤ ᠵᠢᠭᠰᠠᠭᠠᠨ ᠣᠷᠣᠭᠤᠯᠵᠤ᠂ ᠵᠡᠭᠡᠯᠢ ᠳᠠᠭᠠᠤ᠂ ᠵᠠᠮ ᠳᠠᠭᠠᠤ ᠰᠠᠭᠤᠭᠠᠯᠢ ᠡᠷᠦᠬᠡ ᠳᠤ ︽ᠡᠭᠦᠳᠡᠨ ᠡᠮᠦᠨᠡᠬᠢ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠲᠣᠰᠬᠤᠨ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠰᠠᠬᠤ ᠶᠢ ᠥᠷᠨᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠵᠤ᠂ ᠳᠦᠷᠢᠮᠵᠢᠭᠦᠯᠬᠦ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1