ᠲᠤᠭᠳᠠᠬᠤ ᠰᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-09
      ᠤᠶᠢᠷ᠎ᠠ ᠳᠤ᠂ ᠲᠣᠭᠲᠠᠬᠤ ᠰᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ   ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ᠂ ᠡᠯ᠎ᠡ ᠪᠠᠯᠭᠠᠰᠤ᠂ ᠾᠧ ᠺᠸᠦ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ 2019 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠤ ᠬᠠᠮᠲᠤ ᠥᠪᠥᠷ ᠮᠣᠩᠭᠤᠯ ᠤᠨ ᠵᠥᠩ ᠼᠠᠢ ᠮᠡᠳᠡᠭᠡ ᠵᠠᠩᠭᠢ ᠶᠢᠨ ᠮᠡᠷᠭᠡᠵᠢᠯ  ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠢᠨᠵᠧᠨᠧᠷ ᠵᠠᠩ ᠳ᠋ᠢᠩ ᠢ ᠤᠷᠢᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠭᠤᠤᠯᠳᠠᠯᠭ᠎ᠠ ᠲᠠᠢ ᠠᠵᠢᠯ ᠤᠨ ᠲᠤᠬᠠᠶ ᠪᠣᠯᠪᠠᠰᠤᠷᠠᠭᠤᠯᠤᠯ ᠬᠢᠪᠡ᠃      ᠣᠶᠢᠯᠠᠭᠠᠭᠰᠠᠨ ᠢᠶᠠᠷ᠂ ᠡᠨᠡ ᠵᠢᠯ ᠲᠣᠭᠲᠠᠬᠤ ᠰᠢᠶᠠᠨ ︽2019 ᠣᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠨᠠᠮ ᠤᠨ ᠬᠤᠷᠢᠶ᠎ᠠ᠂ ᠰᠢᠶᠠᠨ  ᠤ ᠵᠠᠰᠠᠭ ‍ᠦᠨ‌ᠣᠷᠳᠣᠨ ᠤ ᠭᠤᠤᠯ ᠠᠵᠢᠯ ᠵᠢᠴᠢ ᠣᠯᠠᠨ ᠲᠦᠮᠡᠨ ᠤ ᠠᠩᠬᠠᠷᠤᠯ ᠬᠠᠯᠠᠮᠵᠢᠯᠠᠯ ᠤᠨ ᠲᠣᠭᠤᠷᠢᠨ ᠳᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠰᠢᠵᠢᠮ ᠪᠣᠯᠭᠠᠵᠤ᠂ ᠲᠥᠷᠥ  ᠶᠢᠨ ᠪᠣᠳᠣᠯᠭ᠎ᠠ ᠶᠢᠨ ᠲᠠᠶᠢᠯᠤᠮᠵᠢ ᠪᠠ ᠶᠠᠷᠢᠶ᠎ᠠ ᠬᠡᠯᠡᠯᠴᠡᠭᠡᠨ ᠤ ᠬᠠᠷᠢᠭᠤ ᠲᠤᠰᠬᠠᠯ ᠢ ᠬᠦᠴᠦᠯᠡᠨ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠤᠨ ᠵᠢᠷᠤᠮᠵᠢᠯ ᠢ ᠲᠡᠭᠦᠯᠳᠡᠷᠵᠢᠭᠦᠯᠵᠦ᠂ ᠢᠯᠡ ᠪᠣᠯᠭᠠᠬᠤ ᠪᠠᠷ ᠵᠢᠱᠢᠯᠲᠡ ᠶᠢ ᠲᠣᠭᠲᠠᠭᠤᠨ ᠪᠠᠶᠢᠯᠭᠠᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ᠂ ᠬᠢᠨᠠᠯᠲᠠ ᠲᠠᠯᠪᠢᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠵᠠᠰᠠᠯᠲᠠ  ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠠᠬᠢᠭᠤᠯᠬᠤ ᠳᠤ ᠢᠳᠡᠪᠬᠢᠲᠡᠢ ᠦᠶᠯᠡᠳᠦᠯ ᠪᠠᠳᠠᠷᠠᠭᠤᠯᠤᠨ᠎ᠠ᠃      ᠬᠤᠷᠠᠯ ᠠᠴᠠ᠂ ᠵᠠᠰᠠᠭ ᠤᠨ ᠶᠠᠪᠤᠳᠠᠯ ᠢ ᠢᠯᠠ ᠪᠣᠯᠭᠠᠬᠤ ᠪᠣᠯ ᠵᠠᠰᠠᠭ ᠤᠨ ᠣᠷᠳᠣᠨ ᠪᠠ ᠰᠠᠯᠠᠭ᠎ᠠ ᠮᠥᠴᠢᠷ  ᠤᠨ ᠳᠦᠷᠢ ᠲᠥᠷᠬᠦ ᠶᠢ ᠳᠡᠯᠭᠡᠨ ᠦᠵᠡᠭᠦᠯᠬᠦ ᠴᠣᠩᠬᠤ ᠪᠣᠯᠤᠨ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠩᠨᠡᠭᠡᠨ ᠤ ᠪᠣᠯᠪᠠᠰᠤᠷᠠᠯ ᠢ ᠴᠢᠩᠭᠠᠳᠬᠠᠵᠤ᠂ ᠺᠠᠳ᠋ᠷ ᠠᠵᠢᠯᠲᠠᠨ ᠠᠵᠢᠯᠴᠢᠨ ᠤ ᠵᠠᠰᠠᠭ ᠤᠨ ᠶᠠᠪᠤᠳᠠᠯ ᠢ ᠢᠯᠠ ᠪᠣᠯᠭᠠᠬᠤ ᠦᠶᠯᠡᠴᠢᠯᠡᠭᠡᠨ ᠤ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ︔ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠵᠥᠷᠢᠴᠡᠯ ᠢ ᠠᠷᠢᠯᠭᠠᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ  ᠶᠢ ᠡᠭᠦᠳᠴᠦ᠂ ᠯᠠᠪᠳᠠᠭᠤᠨ ᠪᠠᠲᠤᠲᠠᠶ ᠠᠵᠢᠯᠯᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1