8 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠵᠣᠷᠯᠣᠩ ᠢ | ᠥᠭᠡᠷᠡᠴᠢᠯᠡᠬᠦ ᠠᠵᠢᠯ ᠤᠨ ᠲᠤᠬᠠᠢ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃ ᠵᠠᠰᠠᠭ ᠤᠨ | ᠣᠷᠳᠣᠨ ᠤ ᠰᠢᠶᠠᠨ ᠤ ᠳᠡᠳ᠋ ᠳᠠᠷᠤᠭ᠎ᠠ ᠱᠢ ᠯᠢ ᠵᠢᠶᠦ᠋ᠨ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ | ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ | ᠯᠢ ᠴᠦᠨ ᠶᠠᠨ ᠵᠡᠷᠭᠡ ᠬᠥᠮᠦᠰ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠣᠷᠯᠣᠩ ᠢ | ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠪᠦᠲᠦᠭᠡᠨ ᠪᠠᠶᠢᠭᠤᠯᠤᠯᠲᠠ ᠶᠢᠨ ᠪᠠᠢᠷᠢᠰᠢᠭᠤᠯᠤᠯ᠂ ᠵᠢᠱᠢᠶᠡᠯᠡᠪᠡᠯ | ᠵᠣᠷᠯᠣᠩ ᠤᠨ ᠣᠷᠴᠢᠨ ᠲᠣᠭᠤᠷᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠳᠠᠭᠰᠢᠯᠠᠭᠤᠯᠤᠯᠲᠠ᠂ | ᠴᠡᠪᠡᠷᠰᠢᠭᠦᠯᠦᠯᠳᠡ᠂ ᠰᠠᠯᠬᠢ ᠨᠡᠪᠲᠡᠷᠡᠭᠦᠯᠬᠦ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠵᠢᠴᠢ ᠳᠠᠷᠠᠭᠠᠴᠢ ᠶᠢᠨ | ᠡᠵᠡᠩᠨᠡᠯᠲᠡ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨᠦᠵᠡᠪᠡ᠃ | ᠯᠢ ᠴᠦᠨ ᠶᠠᠨ᠂ ᠶᠡᠷᠦᠩᠬᠡᠶ ᠱᠦᠵᠢ ᠰᠢ ᠶᠢᠨ ᠫᠢᠩ ᠤᠨ ︽ᠵᠣᠷᠯᠣᠩ ᠤᠨ ᠦᠭᠡᠷᠡᠴᠢᠯᠡᠯᠳᠡ︾ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠤᠷᠭᠠᠭᠤᠯᠢ ᠶᠢᠨ ᠵᠣᠷᠯᠣᠩ ᠢ ᠥᠭᠡᠷᠡᠴᠢᠯᠡᠬᠦ ᠠᠵᠢᠯ ᠤᠨ ᠠᠴᠢ | ᠬᠤᠯᠪᠣᠭᠳᠠᠯ ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ | ᠳᠡᠭᠡᠭᠰᠢᠯᠡᠭᠦᠯᠵᠦ᠂ ᠰᠤᠷᠤᠭᠴᠢᠳ ᠲᠤ ᠠᠮᠤᠷ ᠲᠦᠪᠰᠢᠨ᠂ ᠡᠷᠡᠭᠦᠯ ᠬᠠᠮᠠᠭᠠᠯᠠᠯ᠂ ᠳᠥᠭᠦᠮ ᠳᠥᠲᠡ ᠵᠣᠷᠯᠣᠩ ᠤᠨ | ᠣᠷᠴᠢᠨ ᠲᠣᠭᠤᠷᠢᠨ ᠢ ᠡᠳ᠋ᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠤᠳ ᠲᠣᠰ ᠤᠳᠠᠭᠠᠨ ᠤ ᠵᠣᠷᠯᠣᠩ ᠢ ᠥᠭᠡᠷᠡᠴᠢᠯᠡᠨ ᠵᠠᠰᠠᠬᠤ ᠠᠵᠢᠯ ᠢ ᠲᠠᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠪᠣᠳᠠᠲᠤ ᠪᠠᠶᠢᠳᠠᠯ ᠢᠶᠠᠨ ᠦᠨᠳᠦᠰᠦᠯᠡᠨ ᠵᠦᠶ ᠵᠣᠬᠢᠰᠲᠠᠶ ᠬᠠᠮᠢᠶᠠᠷᠤᠯᠲᠠ ᠶᠢᠨ ᠳᠦᠷᠢᠮ ᠲᠣᠭᠲᠠᠭᠠᠵᠤ᠂ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠦᠬᠡᠳ ᠤᠨ | ᠰᠤᠷᠭᠠᠭᠤᠯᠢ ᠡᠬᠢᠯᠡᠭᠰᠡᠨ ᠤ ᠳᠠᠷᠠᠭ᠎ᠠ ᠰᠢᠨ᠎ᠡ ᠪᠠᠷ ᠪᠠᠶᠢᠭᠤᠯᠤᠭᠰᠠᠨ ᠵᠣᠷᠯᠣᠩ ᠢ ᠤᠷᠲᠤ ᠬᠤᠭᠤᠴᠠᠭ᠎ᠠ ᠪᠠᠷ | ᠲᠣᠭᠲᠠᠭᠤᠨ ᠢᠶᠠᠷ ᠬᠡᠷᠡᠭᠯᠡᠬᠦ ᠶᠢ ᠦᠨᠡᠨᠬᠦ ᠪᠠᠲᠤᠯᠠᠵᠤ᠂ ᠡᠨᠡᠬᠦ ᠠᠷᠠᠳ ᠤᠨ ᠠᠮᠢᠳᠤᠷᠠᠯ ᠤᠨ ᠠᠵᠢᠯ ᠢ ᠦᠨᠡᠨᠬᠦ | ᠰᠠᠶᠢᠲᠤᠷ ᠬᠢᠬᠦ ᠬᠡᠷᠡᠭᠲᠡᠶ ᠭᠡᠵᠡᠢ᠃ |