8 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠹᠧᠩ ᠢᠦᠢ ᠵᠧᠨ ᠲᠤᠭᠳᠠᠬᠤ ᠰᠢᠶᠠᠨ ᠳᠤ ᠢᠷᠡᠵᠦ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ | ᠶᠢᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠠᠭᠠᠨ᠂ ᠦᠶᠡᠷ ᠢ ᠰᠡᠷᠭᠡᠶᠢᠯᠡᠬᠦ ᠠᠵᠢᠯ | ᠪᠤᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠬᠠᠷᠢᠭᠤᠴᠠᠯᠭ᠎ᠠ | ᠲᠠᠶᠢᠱᠠᠨ ᠠᠭᠤᠯᠠᠨ ᠠᠴᠠ ᠬᠦᠨᠳᠦ ᠪᠠᠶᠢᠨ᠎ᠠ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠂ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ | ᠬᠢᠵᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ ᠰᠢᠶᠠᠨ ᠤ | ᠤᠳᠤᠷᠢᠳᠤᠯᠭ᠎ᠠ ᠭᠦᠸᠧ ᡁᠢ ᠭᠠᠩ᠂ ᠯᠢ ᠴᠦᠨ ᠶᠠᠨ᠂ ᠲᠢᠶᠠᠨ ᠯᠢ ᠵᠢᠶᠦ᠋ᠨ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠤᠷᠤᠯᠴᠠᠪᠠ᠃ | ᠡᠨᠡ ᠵᠢᠯ ᠬᠠᠳᠤᠨ ᠭᠤᠤᠯ ᠤᠨ ᠤᠰᠤᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠬᠠᠳᠤᠨ ᠭᠤᠤᠯ ᠤᠨ | ᠦᠶᠡᠷ ᠢ ᠰᠡᠷᠭᠡᠶᠢᠯᠡᠬᠦ ᠤᠷᠢᠳᠴᠢᠯᠠᠭᠰᠠᠨ ᠲᠥᠰᠦᠯ ᠤᠨ ᠲᠣᠭᠲᠠᠭᠠᠯ ᠢ ᠦᠨᠳᠦᠰᠦᠯᠡᠪᠡᠯ᠂ ᠲᠤᠭᠳᠠᠬᠤ ᠰᠢᠶᠠᠨ 7 | ᠰᠠᠷ᠎ᠠ ᠶᠢᠨ 25 ᠤ ᠡᠳᠦᠷ ᠦᠶᠡᠷ ᠢ ᠰᠡᠷᠭᠡᠶᠢᠯᠡᠬᠦ ᠭᠤᠷᠪᠠᠳᠤᠭᠠᠷ ᠲᠡᠰ ᠤᠨ ᠪᠠᠴᠢᠮ ᠪᠠᠶᠢᠳᠠᠯ ᠢ ᠠᠷᠭᠠᠴᠠᠬᠤ | ᠲᠥᠰᠦᠯ ᠢ ᠡᠬᠢᠯᠡᠨ ᠬᠡᠷᠡᠭᠵᠢᠭᠦᠯᠵᠦ᠂ 8 ᠰᠠᠷ᠎ᠠ ᠶᠢᠨ 6 ᠤ ᠡᠳᠦᠷ ᠪᠣᠯᠲᠠᠯ᠎ᠠ᠂ ᠨᠡᠶᠢᠲᠡ 60 ᠲᠣᠨ ᠬᠠᠷ᠎ᠠ | ᠲᠤᠭᠤᠯᠭ᠎ᠠ ᠤᠲᠠᠰᠤ᠂ 5000 ᠪᠣᠰᠤᠭ᠎ᠠ ᠳᠥᠷᠪᠡᠯᠵᠢᠨ ᠮᠧᠲᠷ ᠬᠡᠰᠡᠭ ᠴᠢᠯᠠᠭᠤ᠂ 15000 ᠪᠣᠰᠤᠭ᠎ᠠ | ᠳᠥᠷᠪᠡᠯᠵᠢᠨ ᠮᠧᠲᠷ ᠰᠢᠷᠣᠶ ᠶᠢᠨ ᠳᠥᠷᠪᠡᠯᠵᠢᠨ ᠮᠧᠲᠷ ᠣᠷᠣᠭᠤᠯᠵᠤ᠂ 28 ᠰᠠᠤᠷᠢ ᠠᠭᠤᠷᠬᠠᠶ ᠮᠠᠯᠲᠠᠬᠤ ᠮᠠᠰᠢᠨ᠂ | 28 ᠰᠠᠤᠷᠢ ᠮᠠᠰᠢᠨ ᠤᠭᠰᠠᠷᠠᠬᠤ ᠮᠠᠰᠢᠨ᠂ 108 ᠮᠠᠰᠢᠨ ᠬᠥᠳᠡᠯᠭᠡᠭᠦᠷᠲᠦ ᠮᠠᠰᠢᠨ ᠲᠡᠷᠭᠡ ᠣᠷᠣᠭᠤᠯᠵᠤ᠂ ᠬᠥᠮᠦᠨ | ᠤ ᠬᠦᠴᠦᠨ ᠤ ᠣᠩᠭᠤᠴᠠ ᠤᠳᠠᠭ᠎ᠠ ᠣᠷᠣᠭᠤᠯᠵᠤ᠂ ᠤᠷᠢᠳ ᠬᠤᠵᠢᠳ 260 ᠭᠠᠷᠤᠶ ᠲᠦᠮᠡᠨ ᠲᠥᠭᠦᠷᠢᠭ ᠤᠨ | ᠪᠡᠯᠡ ᠮᠥᠩᠭᠦ ᠣᠷᠣᠭᠤᠯᠵᠠᠶ᠃ | ᠲᠣᠰ ᠡᠳᠦᠷ᠂ ᠹᠧᠩ ᠢᠦᠢ ᠵᠧᠨ ᠨᠡᠷ ᠤᠷᠢᠳ ᠬᠤᠵᠢᠳ ᠬᠠᠳᠤᠨ ᠭᠤᠤᠯ ᠤᠨ ᠲᠤᠭᠳᠠᠬᠤ ᠰᠢᠶᠠᠨ ᠤ ᠯᠢᠦ | ᠯᠢᠨ ᠲᠠᠨ ᠤ ᠬᠡᠰᠡᠭ ᠤᠨ ᠭᠤᠤᠯ ᠤᠨ ᠬᠥᠪᠡᠭᠡᠨ ᠤ ᠠᠶᠤᠯ ᠠᠴᠠ ᠠᠪᠤᠷᠠᠵᠤ ᠪᠠᠬᠢᠵᠢᠭᠦᠯᠬᠦ ᠢᠨᠵᠧᠨᠧᠷᠢᠩ ᠪᠣᠯᠤᠨ ᠱᠢ | ᠰᠧ ᠹᠧᠨ ᠤ ᠠᠶᠤᠯᠲᠠᠶ ᠪᠠᠷᠢᠯᠭ᠎ᠠ ᠶᠢᠨ ᠬᠡᠰᠡᠭ ᠤᠨ ᠦᠶᠡᠷ ᠢ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ | ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠠᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠣᠳᠣᠬᠠᠨ ᠤ | ᠭᠤᠤᠯ ᠤᠨ ᠤᠷᠤᠰᠬᠠᠯ ᠤᠨ ᠬᠡᠮᠵᠢᠶ᠎ᠡ ᠶᠢ ᠨᠠᠷᠢᠨ ᠣᠶᠢᠯᠠᠭᠠᠵᠤ᠂ ᠲᠤᠬᠠᠶ ᠶᠢᠨ ᠲᠠᠯᠠᠪᠠᠢ ᠳᠤ ᠣᠷᠣᠰᠢᠵᠤ ᠪᠠᠶᠢᠭ᠎ᠠ | ᠬᠦᠴᠢᠷᠳᠡᠯ ᠪᠣᠯᠤᠨ ᠠᠰᠠᠭᠤᠳᠠᠯ ᠢ ᠲᠤᠬᠠᠶ ᠶᠢᠨ ᠲᠠᠯᠠᠪᠠᠢ ᠳᠤ ᠰᠤᠳᠤᠯᠤᠨ ᠰᠢᠶᠳᠪᠦᠷᠢᠯᠡᠪᠡ᠃ | ᠹᠧᠩ ᠢᠦᠢ ᠵᠧᠨ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠬᠤᠲᠠ ᠨᠢᠭᠡᠨᠲᠡ ᠦᠶᠡᠷ ᠤᠨ | ᠬᠤᠭᠤᠴᠠᠭᠠᠨ ᠳᠤ ᠣᠷᠣᠵᠠᠶ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠪᠠᠶᠢᠳᠠᠯ ᠤᠨ | ᠮᠠᠭᠤ ᠴᠢᠨᠠᠷ ᠢ ᠭᠦᠶᠴᠡᠳ ᠲᠠᠨᠢᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠳᠠᠯᠳᠠ ᠭᠡᠮ ᠢ ᠴᠡᠭᠴᠡᠯᠡᠨ | ᠥᠭᠡᠷᠡᠴᠢᠯᠡᠬᠦ᠂ ᠡᠳ᠋ ᠪᠣᠳᠠᠰ ᠢ ᠨᠥᠭᠡᠴᠡᠯᠡᠬᠦ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ | ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂ ᠡᠯ᠎ᠡ ᠵᠦᠶᠯ ᠤᠨ | ᠠᠷᠭᠠᠴᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠢᠳᠠᠪᠤᠷᠢᠵᠢᠭᠤᠯᠬᠤ᠂ ᠠᠶᠤᠯ ᠲᠦᠭᠰᠢᠭᠦᠷᠢ ᠶᠢ ᠤᠷᠢᠳᠴᠢᠯᠠᠨ | ᠰᠡᠷᠭᠡᠶᠢᠯᠡᠬᠦ ᠬᠡᠷᠡᠭᠲᠡᠶ ᠭᠡᠪᠡ᠃ | ᠹᠧᠩ ᠢᠦᠢ ᠵᠧᠨ ᠱᠠᠭᠠᠷᠳᠠᠭᠰᠠᠨ ᠨᠢ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠦᠶᠡᠷ ᠠᠴᠠ ᠡᠮᠦᠨᠡᠬᠢ ᠪᠠᠶᠢᠴᠠᠭᠠᠯᠲᠠ ᠶᠢ ᠰᠠᠶᠢᠲᠤᠷ ᠬᠢᠵᠦ᠂ ᠲᠣᠭᠲᠠᠬᠤ ᠰᠢᠶᠠᠨ ᠤ ᠬᠠᠳᠤᠨ | ᠭᠤᠤᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠠᠵᠢᠯ ᠢ ᠭᠤᠤᠯᠳᠠᠯᠭ᠎ᠠ ᠪᠣᠯᠭᠠᠵᠤ᠂ ᠦᠶᠡᠷ ᠢ ᠥᠩᠭᠡᠷᠡᠭᠦᠯᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠦᠶᠡᠷ ᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠂ ᠵᠢᠵᠢᠭᠦᠷᠯᠡᠬᠦ ᠳᠦᠷᠢᠮ ᠢ | ᠴᠢᠩᠳᠠᠯᠠᠵᠤ᠂ ᠵᠢᠵᠢᠭᠦᠷᠯᠡᠨ ᠰᠠᠬᠢᠵᠤ ᠲᠣᠭᠤᠷᠢᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ | ᠠᠪᠤᠷᠠᠬᠤ ᠠᠵᠢᠯ ᠢ ᠲᠣᠪᠦ᠋ᠮ᠎ᠠ ᠰᠠᠶᠢᠲᠤᠷ ᠠᠳᠬᠤᠬᠤ ᠬᠡᠷᠡᠭᠲᠡᠶ᠃ ᠦᠶᠡᠷ ᠢ ᠰᠡᠷᠭᠡᠶᠢᠯᠡᠬᠦ ᠠᠵᠢᠯ ᠳᠠᠬᠢ ᠮᠡᠳᠡᠭᠡ | ᠵᠠᠩᠭᠢᠵᠢᠯᠲᠠ ᠶᠢᠨ ᠦᠶᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ | ᠲᠤᠬᠢᠷᠠᠭᠤᠯᠤᠨ᠂ ᠦᠶᠡᠷ ᠢ ᠰᠡᠷᠭᠡᠶᠢᠯᠡᠬᠦ ᠠᠵᠢᠯ ᠢ ᠦᠨᠡᠨ ᠬᠦ ᠨᠠᠷᠢᠨ ᠪᠣᠳᠠᠲᠠᠶ ᠠᠳᠬᠤᠵᠤ ᠰᠠᠶᠢᠲᠤᠷ ᠠᠳᠬᠤᠬᠤ | ᠬᠡᠷᠡᠭᠲᠡᠶ ᠭᠡᠵᠡᠢ᠃ | ᠹᠧᠩ ᠢᠦ᠋ᠶ ᠵᠧᠨ ᠪᠠᠰᠠ ᠱᠠᠭᠠᠷᠳᠠᠭᠰᠠᠨ ᠨᠢ᠂ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠰᠢᠨ᠎ᠡ | ᠪᠠᠶᠢᠳᠠᠯ᠂ ᠰᠢᠨ᠎ᠡ ᠣᠨᠴᠠᠯᠢᠭ ᠤᠨ ᠲᠣᠭᠤᠷᠢᠨ ᠳᠤ᠂ ᠬᠤᠲᠠ ᠶᠢᠨ ᠦᠶᠡᠷ ᠤᠰᠤᠲᠤᠯ ᠢ ᠵᠠᠯᠬᠠᠠᠬᠤ ᠪᠠᠴᠢᠮ ᠪᠠᠶᠢᠳᠠᠯ | ᠢ ᠠᠷᠭᠠᠴᠠᠬᠤ ᠲᠥᠰᠦᠯ ᠢ ᠤᠯᠠᠮ ᠨᠢᠭᠡ ᠠᠯᠬᠤᠮ ᠪᠦᠷᠢᠨ ᠪᠣᠯᠭᠠᠨ ᠲᠡᠭᠦᠯᠳᠡᠷᠵᠢᠭᠦᠯᠵᠦ᠂ ᠬᠤᠲᠠ ᠶᠢᠨ | ᠲᠣᠭᠤᠷᠢᠭ ᠤᠨ ᠪᠣᠷᠣᠭᠠᠨ ᠤ ᠲᠣᠰᠣᠯ᠂ ᠤᠰᠤ ᠵᠠᠯᠬᠠᠠᠬᠤ ᠬᠤᠭᠤᠯᠠᠶ ᠶᠢᠨ ᠲᠣᠤᠷ ᠵᠡᠷᠭᠡ ᠭᠤᠤᠯᠳᠠᠯᠭ᠎ᠠ ᠲᠠᠢ ᠠᠵᠢᠯ | ᠢ ᠪᠠᠶᠢᠴᠠᠭᠠᠵᠤ ᠬᠠᠮᠠᠭᠠᠯᠠᠬᠤ ᠵᠢᠴᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠥᠴᠦᠬᠡᠨ ᠴᠦ ᠠᠯᠳᠠᠰᠢ | ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ |