ᠲᠤᠭᠳᠠᠬᠤ ᠰᠢᠶᠠᠨ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠵᠣᠬᠢᠶᠠᠨ ᠪᠠᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2019-09-17
      ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠴᠡᠪᠡᠷᠰᠢᠭᠦᠯᠵᠦ᠂ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠳᠤᠯᠠᠬᠤ ᠶᠢᠨ ᠲᠦᠯᠦᠭᠡ᠂ ᠤᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠣᠶᠣᠯ ᠤᠨ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠲᠤᠭᠳᠠᠬᠤ ᠰᠢᠶᠠᠨ ᠤ ᠬᠠᠷᠢᠶ᠎ᠠ ᠣᠷᠣᠨ ᠳᠤ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ  ᠳᠤ ᠴᠣᠬᠢᠯᠲᠠ ᠥᠭᠬᠦ︾ ᠶᠢ ᠲᠥᠪᠯᠡᠷᠡᠩᠭᠦᠶ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠠᠷᠢᠶ᠎ᠠ ᠣᠷᠣᠨ ᠤ ᠳᠣᠲᠣᠷᠠᠬᠢ ᠬᠡᠪᠯᠡᠯ ᠤᠨ ᠦᠶᠯᠡᠳᠪᠦᠷᠢ᠂ ᠨᠣᠮ ᠤᠨ ᠳᠡᠯᠭᠡᠭᠦᠷ᠂ ᠱᠠᠰᠢᠨ ᠰᠤᠷᠲᠠᠬᠤᠨ ᠤ ᠲᠠᠯᠠᠪᠤᠷ᠂ ᠬᠡᠪᠯᠡᠭᠳᠡᠬᠦᠨ ᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠵᠤ ᠠᠬᠤᠶᠢᠯᠠᠯ᠂ ᠬᠡᠪᠯᠡᠨ ᠳᠠᠷᠤᠮᠠᠯᠯᠠᠬᠤ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠪᠠ ᠭᠤᠤᠯᠳᠠᠯᠭ᠎ᠠ ᠲᠠᠢ ᠲᠠᠯᠠᠪᠤᠷ ᠭᠠᠵᠠᠷ ᠢ ᠲᠦᠪᠯᠡᠷᠡᠭᠦᠯᠦᠨ ᠪᠠᠶᠢᠴᠠᠭᠠᠬᠤ ᠶᠢᠨ ᠬᠠᠮᠲᠤ ᠰᠦᠯᠵᠢᠶᠡᠨ ᠳᠡᠭᠡᠷᠡᠬᠢ ᠨᠣᠮ ᠤᠨ ᠳᠡᠯᠭᠡᠭᠦᠷ ᠤᠨ ᠬᠢᠨᠠᠨ ᠵᠥᠪᠰᠢᠶᠡᠷᠡᠬᠦ᠂ ᠳᠠᠩᠰᠠᠯᠠᠬᠤ᠂ ᠬᠢᠨᠠᠨ ᠰᠢᠯᠭᠠᠬᠤ ᠪᠠ ᠢᠯᠡ ᠪᠣᠯᠭᠠᠬᠤ ᠳᠦᠷᠢᠮ ᠵᠡᠷᠭᠡ ᠳᠤ ᠪᠠᠶᠢᠴᠠᠭᠠᠯᠲᠠ ᠬᠢᠵᠡᠶ᠃ ᠪᠠᠶᠢᠴᠠᠭᠠᠬᠤ ᠳᠤᠮᠳᠠ᠂ ᠠᠵᠢᠯᠲᠠᠳ ᠪᠠᠰᠠ ︽ᠱᠠᠯᠢᠭ ᠵᠠᠪᠬᠠᠢ ᠵᠦᠢᠯ  ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠭᠤᠣᠯᠳᠠᠯᠭ᠎ᠠ ᠲᠠᠢ ᠴᠣᠬᠢᠯᠲᠠ ᠥᠭᠬᠦ ᠡᠲᠡᠭᠡᠳ ᠪᠣᠯᠤᠨ ᠰᠢᠢᠳᠬᠡᠬᠦ ᠠᠭᠤᠯᠭ᠎ᠠ ᠶᠢ ᠲᠠᠨᠢᠯᠴᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠱᠠᠯᠢᠭ ᠵᠠᠪᠬᠠᠢ ᠵᠦᠢᠯ︾ ᠤᠨ ᠬᠤᠣᠷ ᠬᠥᠨᠥᠭᠡᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠲᠡᠭᠦᠨ ᠠᠴᠠ ᠬᠤᠯᠠ ᠪᠠᠶᠢᠯᠭᠠᠬᠤ ᠵᠤᠷᠢᠯᠭ᠎ᠠ ᠪᠠᠨ ᠢᠯᠡᠷᠬᠡᠶᠢᠯᠡᠵᠡᠢ᠃       ᠪᠠᠶᠢᠴᠠᠭᠠᠬᠤ ᠲᠤᠭᠤᠶᠢᠯᠠᠩ ᠤᠨ ᠬᠢᠨ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠨᠢᠭᠡᠴᠡ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠲᠠᠪᠤᠨ ᠶᠡᠭᠡ ᠲᠤᠰᠬᠠᠶ ᠠᠵᠢᠯᠯᠠᠭ᠎ᠠ ᠪᠣᠯᠤᠨ ︽ᠬᠤᠶᠠᠷ ᠢ ᠲᠠᠰᠢᠷᠠᠮ ᠳᠠᠭᠠᠤ  ᠪᠠᠶᠢᠴᠠᠭᠠᠬᠤ︾ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠬᠡᠷᠡᠭᠵᠢᠭᠦᠯᠬᠦ ᠲᠥᠰᠦᠯ ᠢ ᠨᠠᠷᠢᠨ ᠬᠢᠨᠠᠮᠠᠭᠠᠶ ᠲᠣᠭᠲᠠᠭᠠᠵᠤ᠂ ᠬᠡᠷᠡᠭ ᠢ ᠪᠠᠶᠢᠴᠠᠭᠠᠨ ᠰᠢᠶᠳᠪᠦᠷᠢᠯᠡᠬᠦ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠬᠦᠴᠦ ᠪᠠᠨ ᠬᠠᠮᠲᠤᠳᠬᠠᠨ ᠬᠠᠮᠵᠢᠯᠴᠠᠬᠤ ᠬᠡᠷᠡᠭᠲᠡᠶ᠃ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠵᠠᠮ ᠬᠠᠷᠢᠯᠴᠠᠭᠠᠨ ᠤ ᠵᠠᠩᠭᠢᠯᠠᠭ᠎ᠠ᠂ ᠰᠤᠷᠭᠠᠭᠤᠯᠢ ᠶᠢᠨ ᠡᠷᠭᠢᠨ ᠲᠣᠭᠤᠷᠢᠨ᠂ ᠭᠠᠳᠠᠭᠠᠳᠤ ᠳᠤ ᠬᠤᠯᠪᠣᠭᠳᠠᠬᠤ ᠭᠠᠵᠠᠷ ᠲᠠᠯᠠᠪᠤᠷ᠂ ᠪᠠᠭᠤᠳᠠᠯ᠂ ᠬᠤᠳᠠᠯᠳᠤᠭᠠᠨ ᠤ ᠲᠣᠭᠤᠷᠢᠭ ᠤᠨ ᠦᠵᠡᠮᠵᠢ ᠶᠢᠨ ᠣᠷᠣᠨ᠂ ᠬᠤᠲᠠ ᠬᠥᠳᠡᠭᠡ ᠶᠢᠨ ᠠᠭᠤᠯᠵᠠᠷ ᠭᠠᠵᠠᠷ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠶ ᠵᠡᠷᠭᠡ ᠠᠰᠠᠭᠤᠳᠠᠯ ᠣᠯᠠᠨ ᠭᠠᠷᠳᠠᠭ ᠪᠠ ᠰᠦᠪᠡᠭᠴᠢ ᠲᠣᠳᠣᠷᠬᠠᠶ ᠪᠠᠶᠢᠳᠠᠭ ᠭᠤᠤᠯᠳᠠᠯᠭ᠎ᠠ ᠲᠠᠢ ᠭᠠᠵᠠᠷ ᠣᠷᠣᠨ ᠳᠤ ᠪᠠᠶᠢᠴᠠᠭᠠᠯᠲᠠ ᠬᠢᠬᠦ ᠪᠠᠨ ᠴᠢᠩᠭᠠᠳᠬᠠᠵᠤ᠂ ᠨᠠᠮ ᠳᠤ ᠬᠤᠯᠪᠣᠭᠳᠠᠬᠤ᠂ ᠵᠠᠰᠠᠭ ᠤᠨ ᠶᠠᠪᠤᠳᠠᠯ ᠳᠤ ᠬᠤᠯᠪᠣᠭᠳᠠᠬᠤ ᠵᠢᠴᠢ ᠦᠨᠳᠦᠰᠦᠲᠡᠨ ᠱᠠᠰᠢᠨ ᠰᠤᠷᠲᠠᠬᠤᠨ ᠵᠡᠷᠭᠡ ᠭᠤᠤᠯᠳᠠᠯᠭ᠎ᠠ ᠲᠠᠢ ᠬᠡᠪᠯᠡᠭᠳᠡᠬᠦᠨ ᠤ ᠪᠠᠶᠢᠴᠠᠭᠠᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃ ᠦᠭᠡᠶᠢᠰᠬᠡᠬᠦ ᠦᠵᠡᠯ ᠪᠣᠯᠤᠨ ︽ᠰᠢᠶᠠᠩᠭᠠᠩ ᠢ ᠲᠤᠰᠠᠭᠠᠷ ᠲᠣᠭᠲᠠᠨᠢᠭᠤᠯᠬᠤ︾᠂ ︽ᠪᠦᠳᠦᠭᠦᠯᠢᠭ  ︾ ᠵᠡᠷᠭᠡ ᠬᠤᠤᠷᠲᠠᠶ ᠠᠭᠤᠯᠭ᠎ᠠ ᠶᠢ ᠡᠷᠡᠰ ᠪᠠᠶᠢᠴᠠᠭᠠᠨ ᠰᠢᠶᠳᠪᠦᠷᠢᠯᠡᠵᠦ᠂ ᠱᠠᠯᠢᠭ ᠵᠠᠪᠬᠠᠶ ᠬᠦᠴᠦᠷᠬᠡᠭᠯᠡᠯ᠂ ᠹᠧᠣᠳᠠᠯ ᠤᠨ ᠮᠤᠬᠤᠷ ᠪᠢᠰᠢᠷᠡᠯ ᠵᠡᠷᠭᠡ ᠠᠭᠤᠯᠭ᠎ᠠ ᠪᠦᠬᠦᠢ ᠬᠡᠪᠯᠡᠭᠳᠡᠬᠦᠨ ᠢ ᠴᠡᠭᠴᠡᠯᠡᠨ ᠵᠠᠰᠠᠬᠤ ᠶᠠᠪᠤᠳᠠᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠵᠠᠰᠠᠭ ᠵᠠᠬᠢᠷᠭᠠᠨ᠂ ᠬᠠᠤᠯᠢ ᠴᠠᠭᠠᠵᠠ᠂ ᠠᠵᠤ ᠠᠬᠤᠶ᠂ ᠮᠡᠷᠭᠡᠵᠢᠯ ᠵᠡᠷᠭᠡ ᠶᠡᠷᠦᠩᠬᠡᠶᠢᠯᠡᠭᠰᠡᠨ ᠠᠷᠭ᠎ᠠ ᠪᠠᠷᠢᠯ ᠢ ᠢᠳᠡᠪᠬᠢᠲᠡᠢ ᠬᠡᠷᠡᠭᠯᠡᠨ ︽ᠱᠠᠯᠢᠭ ᠵᠠᠪᠬᠠᠶ ᠵᠦᠶᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠰᠠᠶᠢᠲᠤᠷ ᠬᠢᠵᠦ᠂ ︽ᠱᠠᠯᠢᠭ ᠵᠠᠪᠬᠠᠶ ᠵᠦᠶᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠬᠥᠭᠵᠢᠯᠲᠡ ᠶᠢᠨ ᠲᠣᠭᠲᠠᠭᠤᠨ ᠪᠠᠶᠢᠬᠤ ᠶᠡᠭᠡ ᠲᠠᠯ᠎ᠠ ᠶᠢ ᠬᠠᠮᠠᠭᠠᠯᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠳᠤ ᠰᠠᠶᠢᠨ ᠰᠠᠶᠢᠬᠠᠨ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1