︽ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ‍ᠤᠨ‌ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-09-17
     9 ᠰᠠᠷ᠎ᠠ ᠶᠢᠨ 12 ᠤᠨ ᠡᠳᠦᠷ᠂ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ᠃ ᠭᠦᠸᠧ ᡁᠢ ᠭᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ  ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠶᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠨᠡᠨ ᠪᠣᠳᠠᠲᠠᠶ ᠦᠶᠯᠡᠳᠦᠯᠭᠡ ᠶᠢᠨ ᠦᠷ᠎ᠡ ᠪᠦᠲᠦᠭᠡᠯ ᠢᠶᠠᠷ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠲᠠ ᠶᠢᠨ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠵᠢᠯᠣᠭᠤᠳᠬᠤ ᠲᠤᠭᠤᠶᠢᠯᠠᠩ ᠤᠨ ᠳᠠᠷᠤᠭ᠎ᠠ ᠴᠧᠨ ᠰᠢᠤᠸᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠬᠤᠷᠠᠯ ᠡᠷᠭᠢᠯᠡᠪᠡ᠃ ᠰᠦᠨ ᠰᠢᠶᠦ᠋ᠨ᠂ ᠶᠦᠨ ᠷᠦᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ᠂ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠂ ᠡᠯ᠎ᠡ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃      ᠭᠦᠸᠧ ᡁᠢ ᠭᠠᠩ᠂ ᠪᠦᠬᠦ ᠨᠠᠮ ᠤᠨ ᠬᠡᠪᠴᠢᠶᠡᠨ ᠳᠤ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠲᠣᠭᠲᠠᠭᠠᠯ ᠮᠥᠨ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠶᠯᠡᠰ᠂ ᠠᠭᠤᠤ ᠶᠡᠭᠡ ᠬᠦᠰᠡᠯ ᠢ ᠶᠡᠷᠦᠩᠬᠡᠶᠢᠯᠡᠨ ᠡᠵᠡᠮᠳᠡᠬᠦ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠡᠩ ᠶᠢ ᠲᠡᠷᠭᠡᠯᠰᠢᠭᠦᠯᠬᠦ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ ᠭᠡᠪᠡ᠃      ᠭᠦᠸᠧ ᡁᠢ ᠭᠠᠩ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠪᠣᠯᠤᠨ ᠥᠷᠭᠡᠨ ᠣᠯᠠᠨ ᠨᠠᠮ  ᠤᠨ ᠭᠡᠰᠢᠭᠦᠨ ᠺᠠᠳᠠᠷᠴᠤᠳ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ᠤᠬᠠᠮᠰᠠᠷ  ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠣᠰ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠢ ᠪᠦᠬᠦ ᠬᠦᠴᠦᠨ  ᠢᠶᠠᠷ ᠢᠶᠠᠨ ᠰᠠᠶᠢᠲᠤᠷ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ  ᠶᠢ ᠣᠨᠣᠪᠴᠢᠲᠠᠶ ᠣᠶᠢᠯᠠᠭᠠᠵᠤ᠂ ᠬᠠᠷᠠᠯᠲᠠ ᠡᠭᠦᠷᠭᠡ ᠶᠢ ᠡᠵᠡᠮᠳᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠢᠳᠡᠪᠬᠢᠲᠡᠢ ᠠᠬᠢᠭᠤᠯᠵᠤ᠂ ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠤᠨᠤᠯ ᠤᠨ ᠰᠤᠷᠤᠯᠴᠠᠯᠭ᠎ᠠ ᠣᠯᠤᠯᠲᠠ ᠲᠠᠢ  ᠪᠠᠶᠢᠬᠤ᠂ ᠦᠵᠡᠯ ᠰᠠᠨᠠᠭ᠎ᠠ ᠤᠯᠤᠰ ᠲᠥᠷᠦ ᠶᠢᠨ ᠳᠠᠪᠲᠠᠯᠲᠠ ᠶᠢ ᠬᠦᠯᠢᠶᠡᠬᠦ᠂ ᠠᠵᠢᠯ ᠬᠢᠵᠦ ᠦᠶᠯᠡᠰ ᠪᠣᠰᠬᠠᠬᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠠᠳ ᠲᠦᠮᠡᠨ ᠳᠤ ᠦᠶᠯᠡᠴᠢᠯᠡᠬᠦ ᠬᠦᠴᠢᠷ ᠠᠰᠠᠭᠤᠳᠠᠯ ᠢ ᠰᠢᠶᠳᠪᠦᠷᠢᠯᠡᠬᠦ᠂ ᠦᠯᠢᠭᠡᠷ ᠳᠠᠭᠤᠷᠢᠶᠠᠯ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠭᠦᠸᠧ ᡁᠢ ᠭᠠᠩ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠤᠤᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠦ᠂ ᠬᠠᠮᠤᠭ ᠤᠨ ᠰᠠᠶᠢᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠤᠳᠤᠷᠢᠳᠤᠯᠭ᠎ᠠ ᠪᠠᠨ ᠴᠢᠩᠭᠠᠳᠬᠠᠨ᠂ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠶᠠᠰᠤ ᠴᠢᠨᠠᠷ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠴᠧᠨ ᠰᠢᠤᠸᠠᠢ ᠹᠧᠩ ᠱᠠᠭᠠᠷᠳᠠᠭᠰᠠᠨ ᠨᠢ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠶ ᠦᠨᠳᠦᠰᠦᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠳᠥᠷᠪᠡᠨ ᠵᠦᠶᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠥᠬᠦ ᠶᠠᠪᠤᠴᠠ ᠳᠤ ᠲᠤᠭᠤᠰᠢᠯᠠᠭᠤᠯᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠢᠯᠣᠭᠤᠳᠬᠤ  ᠲᠤᠭᠤᠶᠢᠯᠠᠩ ᠤᠨ ᠬᠢᠨ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠵᠦ᠂ ᠱᠠᠯᠠᠪᠳᠠᠭᠤᠯᠤᠨ ᠵᠢᠯᠣᠭᠤᠳᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠭᠦᠷᠭᠡ ᠬᠤᠯᠪᠣᠭᠠᠰᠤ ᠶᠢᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠲᠤᠭᠳᠠᠬᠤ ᠰᠢᠶᠠᠨ ᠤ ᠭᠤᠤᠯ ᠰᠡᠳᠦᠪᠲᠦ ᠬᠥᠮᠦᠵᠢᠯ ᠥᠷᠨᠢᠭᠦᠯᠬᠦ ᠬᠦᠴᠦᠲᠡᠶ ᠬᠠᠪᠰᠤᠷᠤᠭᠴᠢ ᠪᠣᠯᠬᠤ ᠬᠡᠷᠡᠭᠲᠡᠶ ᠭᠡᠪᠡ᠃      ᠯᠢ ᠴᠦᠨ ᠶᠠᠨ ᠱᠠᠭᠠᠷᠳᠠᠭᠰᠠᠨ ᠨᠢ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠲᠤᠰ ᠤᠳᠠᠭᠠᠨ ᠤ ᠬᠤᠷᠠᠯ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠤᠰ ᠤᠳᠠᠭᠠᠨ ᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ︽ᠨᠠᠷᠢᠯᠢᠭ︾ ᠪᠠ ︽ᠪᠣᠳᠠᠲᠠᠶ︾ ᠪᠠᠶᠢᠬᠤ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠵᠤ᠂ ᠡᠷᠡᠰ ᠪᠠᠷᠢᠮᠲᠠᠯᠠᠨ᠂ ︽ᠬᠤᠶᠠᠷ ᠲᠠᠯ᠎ᠠ︾ ᠶᠢ ᠠᠬᠢᠭᠤᠯᠵᠤ᠂ ︽ᠬᠤᠶᠠᠷ ᠲᠠᠯ᠎ᠠ︾ ᠶᠢ ᠡᠷᠡᠰ ᠰᠡᠷᠭᠡᠶᠢᠯᠡᠬᠦ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1