ᠲᠤᠭᠳᠠᠬᠤ ᠰᠢᠶᠠᠨ 2019 ᠣᠨ ᠤ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2019-09-17
      9 ᠰᠠᠷ᠎ᠠ ᠶᠢᠨ 12 ᠤᠨ ᠡᠳᠦᠷ᠂ 2019 ᠣᠨ ᠤ ᠡᠪᠦᠯ ᠤᠨ ᠤᠯᠠᠷᠢᠯ ᠤᠨ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠶᠦᠨ ᠵᠦᠩ ᠰᠣᠶᠣᠯ ᠤᠨ ᠣᠷᠳᠣᠨ ᠳᠤ ᠶᠠᠪᠤᠭᠳᠠᠪᠠ᠃ ᠯᠢ ᠴᠦᠨ ᠶᠠᠨ᠂ ᠰᠦᠨ ᠰᠢᠶᠦ᠋ᠨ᠂ ᠶᠦᠨ ᠷᠦᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ᠂ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠤᠳᠤᠷᠢᠳᠤᠯᠭ᠎ᠠ᠂ ᠠᠬᠠᠮᠠᠳ ᠵᠠᠬᠢᠷᠤᠯ᠂ ᠠᠬᠠᠮᠠᠳ ᠪᠠᠭᠰᠢ ᠶᠢᠨ ᠲᠥᠯᠥᠭᠡᠯᠡᠭᠴᠢ᠂ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠪᠦᠬᠦ ᠺᠠᠳ᠋ᠷ ᠠᠵᠢᠯᠲᠠᠨ ᠠᠵᠢᠯᠴᠢᠨ ᠪᠣᠯᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠳ᠋ᠦᠩ ᠲᠤᠤ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠱᠢ ᠯᠢ ᠵᠢᠶᠦ᠋ᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ  ᠤ ᠬᠠᠮᠲᠤ ᠨᠢᠭᠡᠴᠡ᠂ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠢᠲᠡᠯᠡᠪᠡ︔ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠥᠬᠢᠭᠦᠯᠦᠯ ᠬᠦᠷᠲᠡᠭᠰᠡᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ︔ ᠪᠠᠭᠰᠢ ᠶᠢᠨ ᠲᠥᠯᠥᠭᠡᠯᠡᠭᠴᠢ ᠰᠠᠨᠠᠭᠠᠴᠢᠯᠠᠭ᠎ᠠ ᠶᠢᠨ ᠪᠢᠴᠢᠭ ᠢ ᠤᠩᠰᠢᠪᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠭᠤᠤᠯ ᠬᠠᠷᠢᠭᠤᠴᠠᠯᠭᠠᠲᠠᠨ ᠠᠴᠠ ᠰᠤᠷᠭᠠᠨ ᠬᠥᠮᠦᠵᠢᠯ ᠤᠨ ᠰᠢᠰᠲ᠋ᠧᠮ ᠢ ᠲᠥᠯᠥᠭᠡᠯᠡᠨ ᠭᠤᠤᠯ ᠰᠡᠳᠦᠪᠳᠦ ᠶᠠᠷᠢᠶ᠎ᠠ ᠲᠠᠯᠪᠢᠪᠠ ; ᠬᠤᠷᠠᠯ ᠳᠤ ᠣᠷᠣᠯᠴᠠᠭᠰᠠᠨ ᠪᠠᠭᠰᠢ ᠨᠠᠷ ᠪᠠᠰᠠ ᠬᠠᠮᠲᠤ ᠪᠠᠷ ᠲᠠᠩᠭᠠᠷᠢᠭᠯᠠᠪᠠ᠃      ᠯᠢ ᠴᠦᠨ ᠶᠠᠨ ᠶᠠᠨ ᠡᠩ ᠲᠡᠷᠢᠭᠦᠨ ᠳᠤ ᠰᠢᠶᠠᠨ ᠤ ᠳᠥᠷᠪᠡᠨ ᠶᠡᠭᠡ ᠪᠠᠭ ᠢ ᠲᠥᠯᠥᠭᠡᠯᠡᠨ᠂ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠨᠢᠭᠡᠴᠡ ᠪᠣᠯᠤᠨ ᠲᠡᠷᠢᠭᠦᠨ ᠤ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ᠂ ᠤᠷᠲᠤ ᠬᠤᠭᠤᠴᠠᠭᠠᠨ ᠤ ᠲᠤᠷᠰᠢ᠂ ᠰᠤᠷᠭᠠᠨ ᠬᠥᠮᠦᠵᠢᠯ ᠤᠨ ᠦᠶᠯᠡᠰ ᠲᠤ ᠯᠠᠪᠳᠠᠭᠤᠨ ᠪᠠᠲᠤᠲᠠᠶ ᠰᠠᠭᠤᠷᠢ ᠲᠠᠯᠪᠢᠵᠤ ᠥᠭᠭᠦᠭᠰᠡᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠲᠤ ᠴᠢᠩ ᠰᠡᠳᠬᠢᠯ ᠤᠨ ᠵᠥᠩᠨᠡᠯ ᠬᠦᠷᠭᠡᠵᠦ᠂ ᠲᠤᠭᠳᠠᠬᠤ ᠰᠢᠶᠠᠨ ᠤ ᠰᠤᠷᠭᠠᠨ ᠬᠥᠮᠦᠵᠢᠯ  ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃      ᠯᠢ ᠴᠦᠨ ᠶᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠤᠷᠭᠠᠨ ᠬᠥᠮᠦᠵᠢᠯ  ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠶ᠃ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠨ᠂ ᠬᠡᠪ ᠴᠢᠨᠠᠷ ᠤᠨ ᠰᠤᠷᠭᠠᠨ ᠬᠥᠮᠦᠵᠢᠯ ᠢ ᠭᠦᠨᠵᠡᠭᠡᠶ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶᠯᠡᠴᠢᠯᠡᠬᠦ ᠪᠠ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠪᠠᠷ ᠦᠨᠳᠦᠰᠦᠨ ᠱᠠᠭᠠᠷᠳᠠᠯᠭ᠎ᠠ ᠪᠣᠯᠭᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠪᠠᠷ ᠭᠤᠤᠯ ᠬᠥᠳᠡᠯᠭᠡᠭᠴᠢ ᠬᠦᠴᠦᠨ ᠪᠣᠯᠭᠠᠨ᠂ ᠬᠡᠪ ᠴᠢᠨᠠᠷ ᠤᠨ ᠰᠤᠷᠭᠠᠨ ᠬᠥᠮᠦᠵᠢᠯ ᠢ ᠭᠦᠨᠵᠡᠭᠡᠶ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶᠯᠡᠴᠢᠯᠡᠬᠦ ᠪᠠ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠨ ᠬᠥᠮᠦᠵᠢᠯ ᠢ ᠦᠨᠡᠨ ᠬᠦ ᠰᠠᠶᠢᠲᠤᠷ ᠡᠷᠬᠢᠮᠨᠡᠬᠦ ᠬᠡᠷᠡᠭᠳᠡᠢ ᠭᠡᠵᠦ ᠴᠢᠬᠤᠯᠠᠴᠢᠯᠠᠪᠠ᠃      ᠯᠢ ᠴᠦᠨ ᠶᠠᠨ᠂ ᠤᠶᠢᠷ᠎ᠠ ᠶᠢᠨ ᠵᠢᠯ ᠠᠴᠠ ᠨᠠᠰᠢ᠂ ᠲᠤᠭᠳᠠᠬᠤ ᠰᠢᠶᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ᠂  ᠬᠦᠬᠡᠬᠤᠳᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠲᠤᠭᠳᠠᠬᠤ ᠰᠢᠶᠠᠨ ᠤ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠬᠠᠷᠠᠯᠲᠠ ᠪᠣᠯᠭᠠᠵᠤ᠂ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ᠂ ᠪᠡᠯᠡ ᠮᠥᠩᠭᠦ ᠶᠢᠨ ᠣᠷᠣᠭᠤᠯᠤᠯᠲᠠ᠂ ᠬᠥᠮᠦᠨ  ᠤ ᠬᠦᠴᠦᠨ ᠤ ᠡᠬᠢ ᠪᠠᠶᠠᠯᠢᠭ ᠵᠡᠷᠭᠡ ᠲᠠᠯ᠎ᠠ ᠪᠠᠷ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠬᠦ ᠶᠢ ᠡᠩ ᠲᠡᠷᠢᠭᠦᠨ ᠳᠤ ᠪᠠᠲᠤᠯᠠᠵᠤ᠂ ᠲᠡᠩᠴᠡᠭᠦᠷᠢᠲᠡᠶ ᠪᠠᠶᠢᠬᠤ ᠶᠢ ᠬᠦᠴᠦᠯᠡᠨ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠡᠩᠨᠡᠭᠡ ᠶᠢ ᠬᠦᠴᠦᠷᠬᠡᠭᠵᠢᠭᠦᠯᠵᠦ᠂ ᠳᠤᠲᠠᠭᠤᠳᠠᠯ ᠢ ᠨᠥᠬᠦᠪᠥᠷᠢᠯᠡᠵᠦ᠂ ᠰᠤᠷᠭᠠᠨ ᠬᠥᠮᠦᠵᠢᠯ ᠤᠨ ᠦᠶᠯᠡᠰ ᠢ ᠲᠣᠭᠲᠠᠭᠤᠨ ᠢᠶᠠᠷ ᠬᠥᠭᠵᠢᠭᠦᠯᠵᠦ᠂ ᠥᠷᠨᠢᠩᠭᠦᠶ ᠬᠥᠭᠵᠢᠯᠲᠡ ᠶᠢᠨ ᠪᠠᠶᠢᠳᠠᠯ ᠢ ᠪᠠᠳᠤᠯᠠᠨ᠎ᠠ᠃ ᠢᠯᠠᠩᠭᠤᠶ᠎ᠠ ᠡᠨᠡ ᠵᠢᠯ ᠠᠴᠠ ᠨᠠᠰᠢ᠂ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠬᠠᠮᠲᠤ ᠶᠢᠨ ᠴᠢᠷᠮᠠᠶᠢᠯᠭ᠎ᠠ ᠳᠣᠤᠷ᠎ᠠ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠨᠡᠮᠡᠭᠳᠡᠭᠦᠯᠦᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠨ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠠᠮᠵᠢᠯᠲᠠ ᠣᠯᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃      ᠯᠢ ᠴᠦᠨ ᠶᠠᠨ ᠱᠠᠭᠠᠷᠳᠠᠭᠰᠠᠨ ᠨᠢ᠂ ᠲᠡᠭᠡᠳᠦ ᠳᠣᠣᠷᠠᠳᠤ ᠱᠠᠲᠤᠨ ᠤ ᠬᠢᠨ ᠰᠤᠷᠭᠠᠨ ᠬᠥᠮᠦᠵᠢᠯ ᠢ ᠤᠷᠢᠳ  ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠲᠤ ᠪᠣᠶ ᠪᠣᠯᠭᠠᠵᠤ᠂ ︽ᠭᠦᠨᠵᠡᠭᠡᠶ ᠠᠳᠬᠤᠬᠤ︾ ᠶᠢ ᠣᠳᠣᠬᠠᠨ  ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠡᠭᠦᠷᠭᠡ ᠪᠠ ᠠᠵᠢᠯ ᠤᠨ ᠦᠨᠳᠦᠰᠦᠨ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ᠄ ᠨᠢᠭᠡ ᠳᠤ᠂ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠬᠥᠭᠵᠢᠭᠦᠯᠬᠦ ᠬᠡᠷᠡᠭᠲᠡᠶ︔ ᠬᠤᠶᠠᠷ ᠲᠤ᠂ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ︔ ᠭᠤᠷᠪᠠ ᠳᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠦᠨᠳᠦᠰᠦᠨ ᠵᠦᠶᠯ ᠢ ᠪᠠᠬᠢᠵᠢᠭᠦᠯᠦᠨ᠎ᠡ︔ ᠳᠥᠷᠪᠡ ᠳᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ︔ ᠲᠠᠪᠤ  ᠳᠤ᠂ ᠨᠡᠶᠢᠯᠡᠮᠡᠯ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠨ᠎ᠡ ᠬᠡᠪ ᠰᠤᠷᠲᠠᠯ ᠢ ᠪᠠᠳᠠᠷᠠᠭᠤᠯᠤᠨ᠎ᠠ ᠭᠡᠪᠡ᠃      ᠥᠷᠭᠡᠨ ᠣᠯᠠᠨ ᠪᠠᠭᠰᠢ ᠨᠠᠷ᠂ ᠶᠡᠷᠦᠩᠬᠡᠶ ᠱᠦᠵᠢ ᠶᠢᠨ ᠬᠠᠯᠠᠭᠤᠨ ᠳᠣᠲᠣᠨᠣ ᠬᠠᠶᠢᠷ᠎ᠠ ᠰᠡᠳᠬᠢᠯᠭᠡ ᠪᠣᠯᠤᠨ ᠴᠠᠭ ᠦᠶ᠎ᠡ ᠠᠴᠠ ᠳᠠᠭᠠᠭᠠᠯᠭᠠᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠭᠠᠨ ᠬᠥᠮᠦᠵᠢᠯ ᠭᠡᠬᠦ ᠡᠨᠡᠬᠦ ᠡᠷᠬᠢᠮ ᠲᠡᠭᠡᠳᠦ ᠲᠤᠬᠠᠶᠢᠯᠠᠭᠰᠠᠨ ᠠᠵᠢᠯ ᠢᠶᠠᠨ ᠬᠤᠪᠢ ᠳᠠᠬᠢᠨ ᠨᠠᠨᠳᠢᠩᠨᠠᠨ ᠬᠠᠶᠢᠷᠠᠯᠠᠵᠤ᠂ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠮᠣᠷᠠᠯ ᠲᠠᠢ᠂ ᠯᠠᠪᠳᠠᠭᠤᠨ ᠪᠠᠲᠤᠲᠠᠶ ᠮᠡᠳᠡᠯᠭᠡ ᠲᠠᠢ᠂ ᠡᠨᠡᠷᠢᠩᠭᠦᠶ ᠰᠡᠳᠬᠢᠯᠭᠡ ᠲᠠᠢ ︽ᠳᠥᠷᠪᠡᠨ ᠪᠠᠶᠢᠬᠤ︾ ᠰᠠᠶᠢᠨ ᠪᠠᠭᠰᠢ ᠪᠣᠯᠬᠤ ᠪᠠᠷ ᠴᠢᠷᠮᠠᠶᠢᠵᠤ᠂ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ᠂ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠳᠠᠬᠢᠨᠲᠠ ᠭᠡᠷᠡᠯ ᠰᠠᠴᠤᠷᠠᠩᠭᠤᠶ ᠠᠮᠵᠢᠯᠲᠠ ᠡᠭᠦᠳᠬᠦ ᠶᠢ ᠬᠦᠰᠡᠵᠦ ᠪᠠᠶᠢᠨ᠎ᠠ ᠭᠡᠵᠦ ᠯᠢ ᠴᠦᠨ ᠶᠠᠨ ᠬᠦᠰᠡᠯ ᠲᠡᠪᠰᠢᠭᠦᠯᠵᠡᠢ᠃      ᠬᠤᠷᠠᠯ ᠳᠤ ᠣᠷᠣᠯᠴᠠᠭᠰᠠᠳ ᠪᠠᠰᠠ ︽ᠤᠭ ᠰᠠᠨᠠᠭ᠎ᠠ᠂ ᠡᠭᠦᠷᠭᠡ ᠬᠠᠷᠢᠭᠤᠴᠠᠯᠭ᠎ᠠ — ᠰᠢᠨ᠎ᠡ ᠴᠠᠭ ᠦᠶ᠎ᠡ  ᠶᠢᠨ ᠡᠭᠦᠷᠭᠡ ᠬᠠᠷᠢᠭᠤᠴᠠᠯᠭ᠎ᠠ ᠪᠣᠯᠤᠨ ᠪᠠᠷᠢᠮᠲᠠᠯᠠᠯ︾ ᠭᠡᠬᠦ ᠰᠡᠳᠦᠪᠲᠦ ᠲᠤᠰᠬᠠᠶ ᠰᠡᠳᠦᠪᠲᠦ ᠲᠠᠶᠢᠯᠤᠮᠵᠢ ᠶᠢ ᠰᠣᠨᠣᠰᠴᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1