ᠰᠢᠨ᠎ᠡ ᠶᠢᠩᠽᠢ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ ᠲᠣᠰ ᠲᠣᠰ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-09-18
      ᠲᠣᠭᠲᠠᠬᠤ ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠵᠦ᠂ 9 ᠰᠠᠷ᠎ᠠ ᠶᠢᠨ 17 ᠤ ᠡᠳᠦᠷ᠂ ᠰᠢᠨ᠎ᠡ ᠶᠢᠩᠽᠢ ᠪᠠᠯᠭᠠᠰᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠪᠠ ᠃ ᠰᠢᠨ᠎ᠡ ᠶᠢᠩᠽᠢ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠺᠠᠳ᠋ᠷ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ︽ᠨᠢᠭᠡᠳᠦᠭᠡᠷ ᠱᠦᠵᠢ︾᠂ ᠲᠣᠰᠬᠤᠨ ᠤ ᠺᠠᠳ᠋ᠷ ᠢ ᠳᠠᠭᠠᠭᠠᠴᠢᠯᠠᠨ᠂ ᠪᠠᠶᠢᠭᠤᠯᠭ᠎ᠠ ᠶᠢᠨ ᠨᠢᠭᠡᠳᠦᠭᠡᠷ᠂ ᠬᠤᠶᠠᠳᠤᠭᠠᠷ ᠡᠭᠦᠷ ᠤᠨ ᠨᠠᠮ ᠤᠨ ᠭᠡᠰᠢᠭᠦᠨ ᠨᠡᠶᠢᠳᠡ 120 ᠭᠠᠷᠤᠶ ᠬᠥᠮᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠰᠢᠶᠠᠨ ᠤ ᠨᠠᠮ ᠤᠨ ᠬᠤᠷᠢᠶᠠᠨ ᠤ ᠱᠦᠵᠢ ᠭᠦᠸᠧ ᡁᠢ ᠭᠠᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠲᠤᠬᠠᠶ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠨ᠎ᠡ ᠶᠢᠩᠽᠢ ᠪᠠᠯᠭᠠᠰᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ  ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠪᠠᠯᠭᠠᠰᠤᠨ ᠤ ᠲᠡᠭᠡᠳᠦ ᠳᠣᠣᠷᠠᠳᠤ ᠱᠠᠲᠤ ᠪᠠᠷ ᠢᠶᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠡᠭᠡᠳᠦ ᠬᠡᠮᠵᠢᠶᠡᠨ ᠤ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠢ ᠭᠦᠨᠵᠡᠭᠡᠶ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠬᠡᠷᠡᠭᠲᠡᠶ᠃ ᠤᠨᠤᠯ ᠤᠨ ᠰᠤᠷᠤᠯᠴᠠᠯᠭ᠎ᠠ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠳᠠᠪᠲᠠᠯᠲᠠ ᠶᠢ ᠬᠦᠯᠢᠶᠡᠬᠦ᠂ ᠠᠵᠢᠯ ᠬᠢᠵᠦ ᠦᠶᠯᠡᠰ ᠪᠣᠰᠬᠠᠬᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠶᠳᠪᠦᠷᠢᠯᠡᠬᠦ᠂ ᠦᠯᠢᠭᠡᠷ ᠳᠠᠭᠤᠷᠢᠶᠠᠯ ᠪᠣᠯᠬᠤ ᠪᠣᠳᠠᠲᠠᠶ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠪᠦᠬᠦ ᠪᠠᠯᠭᠠᠰᠤᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠠᠬᠢᠭᠤᠯᠬᠤ ᠳᠤ ᠪᠠᠲᠤ ᠴᠢᠩᠭ᠎ᠠ ᠤᠯᠤᠰ ᠲᠥᠷᠦ ᠶᠢᠨ ᠪᠠᠲᠤᠯᠠᠭ᠎ᠠ ᠬᠠᠩᠭᠠᠨ᠎ᠠ ᠭᠡᠵᠡᠢ᠃      ᠬᠤᠷᠠᠯ ᠠᠴᠠ᠂ ᠤᠯᠤᠰ ᠲᠥᠷᠦ ᠶᠢᠨ ᠬᠥᠮᠦᠵᠢᠯ ᠢ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠱᠠᠭᠠᠷᠳᠠᠬᠤ ᠬᠡᠷᠡᠭᠲᠡᠶ᠃ ᠪᠦᠬᠦ ᠨᠠᠮ ᠤᠨ ᠭᠡᠰᠢᠭᠦᠳ ᠬᠤᠷᠴᠠ ᠴᠢᠩᠭ᠎ᠠ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠᠷ᠂ ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ᠂ ᠨᠡᠯᠢᠶᠡᠳ ᠦᠨᠡᠨ ᠪᠣᠳᠠᠲᠠᠶ ᠬᠦᠴᠢᠷ ᠪᠡᠷᠬᠡᠰᠢᠶᠡᠯ  ᠲᠠᠢ ᠠᠵᠢᠯᠯᠠᠬᠤ ᠣᠪᠣᠷ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ ᠠᠵᠢᠯ ᠤᠨ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠤᠨ ᠵᠢᠱᠢᠭᠰᠡᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠬᠠᠷᠠᠯᠲᠠ ᠡᠭᠦᠷᠭᠡ ᠶᠢᠨ ᠱᠠᠭᠠᠷᠳᠠᠯᠭ᠎ᠠ ᠶᠢ ᠡᠵᠡᠮᠳᠡᠵᠦ᠂ ᠭᠤᠤᠯ ᠰᠡᠳᠦᠪᠲᠦ ᠬᠥᠮᠦᠵᠢᠯ ᠤᠨ ᠪᠣᠳᠠᠲᠠᠶ ᠨᠠᠶᠢᠳᠠᠪᠤᠷᠢᠵᠢᠭᠤᠯᠤᠯᠲᠠ  ᠶᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠶᠡᠷᠦᠩᠬᠡᠶ ᠱᠠᠭᠠᠷᠳᠠᠯᠭ᠎ᠠ ᠪᠣᠯᠤᠨ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠶᠯ ᠤᠨ ᠠᠵᠢᠯ ᠤᠨ ᠯᠠᠪᠳᠠᠭᠤᠨ ᠪᠠᠲᠤᠲᠠᠶ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃ ᠡᠯ᠎ᠡ ᠵᠠᠰᠠᠭ ᠵᠠᠬᠢᠷᠭᠠᠨ ᠤ ᠲᠣᠰᠬᠤᠨ᠂ ᠨᠡᠶᠢᠭᠡᠮ ᠲᠣᠭᠤᠷᠢᠭ ᠪᠣᠳᠠᠲᠤ ᠪᠠᠶᠳᠠᠯ ᠲᠠᠢ ᠪᠠᠨ ᠤᠶᠠᠯᠳᠤᠭᠤᠯᠤᠨ᠂ ᠠᠵᠢᠯ  ᠢᠶᠠᠨ ᠪᠦᠲᠦᠭᠡᠯᠴᠢ ᠪᠠᠷ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠭᠤᠤᠯ ᠰᠡᠳᠦᠪᠲᠦ ᠬᠥᠮᠦᠵᠢᠯ ᠳᠤ ᠢᠳᠡᠪᠬᠢᠲᠡᠢ ᠣᠷᠣᠯᠴᠠᠨ᠂ ᠴᠠᠭ ᠬᠤᠭᠤᠴᠠᠭ᠎ᠠ ᠪᠣᠯᠤᠨ ᠣᠶᠤᠨ ᠴᠢᠳᠠᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠲᠣᠬᠢᠷᠠᠭᠤᠯᠵᠤ᠂ ᠬᠡᠪ ᠳᠠᠭᠤᠷᠢᠶᠠᠯ ᠢᠶᠠᠨ ᠳᠡᠭᠡᠭᠰᠢᠯᠡᠭᠦᠯᠦᠨ᠂ ᠥᠪᠡᠷ ᠢ ᠪᠠᠨ ᠴᠢᠩᠭᠠᠷᠠᠭᠤᠯᠵᠤ᠂ ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠡᠯ᠎ᠡ ᠵᠦᠶᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠠᠵᠢᠯᠯᠠᠭ᠎ᠠ ᠶᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      9 ᠰᠠᠷ᠎ᠠ ᠶᠢᠨ 16 ᠤ ᠡᠳᠦᠷ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠥᠷᠪᠡᠳᠦᠭᠡᠷ  ᠲᠠᠪᠬᠤᠷᠯᠢᠭ ᠤᠨ ᠬᠤᠷᠠᠯ ᠤᠨ ᠭᠡᠷ ᠲᠤ ᠬᠤᠷᠠᠯᠳᠤᠪᠠ᠃ ᠰᠢᠶᠠᠨ ᠤ ᠶᠢᠰᠦᠳᠦᠭᠡᠷ ᠵᠢᠯᠣᠭᠤᠳᠬᠤ ᠳᠤᠭᠤᠶᠢᠯᠠᠩ ᠭᠡᠰᠢᠭᠦᠳ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠬᠠᠮᠢᠶᠠᠷᠤᠯᠲᠠ ᠶᠢᠨ ᠵᠥᠪᠯᠡᠯ ᠤᠨ ᠪᠦᠬᠦ ᠤᠳᠤᠷᠢᠳᠬᠤ ᠺᠠᠳ᠋ᠷ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠣᠷᠣᠯᠴᠠᠪᠠ᠃      ᠬᠤᠷᠠᠯ ᠳᠡᠭᠡᠷ᠎ᠡ ᠭᠦᠸᠧ ᡁᠢ ᠭᠠᠩ  ᠱᠦᠵᠢ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃      ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠲᠣᠭᠲᠠᠭᠠᠯ ᠮᠥᠨ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠶᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠵᠢᠯᠣᠭᠤᠳᠬᠤ ᠳᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ  ᠳᠤ ᠲᠥᠯᠥᠪᠵᠢᠭᠦᠯᠦᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ  ᠲᠠᠢ ᠶᠤᠮ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂  ᠪᠠᠶᠢᠴᠠᠭᠠᠨ ᠰᠤᠳᠤᠯᠤᠯᠲᠠ ᠶᠢ ᠨᠠᠷᠢᠨ ᠬᠢᠨᠠᠮᠠᠭᠠᠶ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ ᠪᠠᠶᠢᠴᠠᠭᠠᠨ ᠦᠵᠡᠵᠦ᠂ ᠪᠠᠶᠢᠴᠠᠭᠠᠨ ᠡᠷᠢᠵᠦ᠂ ᠡᠴᠦᠰ ᠲᠡᠭᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠬᠠᠷᠢᠶ᠎ᠠ ᠣᠷᠣᠨ ᠤ ᠡᠯ᠎ᠡ ᠨᠠᠮ ᠤᠨ ᠵᠣᠬᠢᠶᠠᠨ ᠪᠠᠶᠢᠭᠤᠯᠤᠯᠳᠠ᠂ ᠤᠳᠤᠷᠢᠳᠬᠤ ᠺᠠᠳ᠋ᠷ ᠤᠯᠤᠰ ᠲᠥᠷᠦ ᠶᠢᠨ ᠬᠠᠷᠢᠭᠤᠴᠠᠯᠭ᠎ᠠ ᠪᠠᠨ ᠦᠨᠡᠨᠬᠦ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠦ ᠶᠢᠨ ᠤᠬᠠᠮᠰᠠᠷ ᠪᠣᠯᠤᠨ ᠠᠵᠢᠯᠯᠠᠭ᠎ᠠ  ᠶᠢᠨ ᠤᠬᠠᠮᠰᠠᠷ ᠢᠶᠠᠨ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠢ ᠶᠠᠭᠤᠨ ᠳᠤ ᠥᠷᠨᠢᠭᠦᠯᠬᠦ᠂ ᠬᠡᠷᠬᠢᠨ ᠥᠷᠨᠢᠭᠦᠯᠬᠦ᠂ ᠶᠠᠮᠠᠷ ᠦᠷ᠎ᠡ ᠳ᠋ᠦᠩ ᠳᠤ ᠬᠦᠷᠭᠡᠬᠦ ᠶᠢ ᠡᠷᠬᠡᠪᠰᠢ ᠲᠣᠳᠣᠷᠬᠠᠶᠢᠯᠠᠬᠤ ᠬᠡᠷᠡᠭᠲᠡᠶ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶ᠎ᠠ  ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ︽ᠤᠭ ᠰᠠᠨᠠᠭ᠎ᠠ ᠪᠠᠨ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠢ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ︽ᠤᠨᠤᠯ ᠤᠨ ᠰᠤᠷᠤᠯᠴᠠᠯᠭ᠎ᠠ ᠳᠤ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠳᠠᠪᠲᠠᠯᠲᠠ ᠶᠢ ᠬᠦᠯᠢᠶᠡᠬᠦ᠂ ᠠᠵᠢᠯ ᠬᠢᠵᠦ ᠦᠶᠯᠡᠰ ᠪᠣᠰᠬᠠᠬᠤ ᠳᠤ ᠵᠣᠷᠢᠭᠲᠠᠶ ᠡᠭᠦᠷᠭᠡᠯᠡᠬᠦ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠶᠳᠪᠦᠷᠢᠯᠡᠬᠦ᠂ ᠦᠯᠢᠭᠡᠷ ᠳᠠᠭᠤᠷᠢᠶᠠᠯ ᠪᠣᠯᠬᠤ︾ ᠬᠠᠷᠠᠯᠲᠠ ᠶᠢ ᠴᠢᠷᠮᠠᠶᠢᠨ ᠨᠠᠶᠢᠳᠠᠪᠤᠷᠢᠵᠢᠭᠤᠯᠬᠤ ᠶᠢᠨ ᠬᠠᠮᠲᠤ ᠰᠤᠷᠤᠯᠴᠠᠬᠤ ᠪᠠ ᠬᠢᠬᠦ ᠶᠢ ᠤᠶᠠᠯᠳᠤᠭᠤᠯᠵᠤ᠂ ᠪᠠᠶᠢᠴᠠᠭᠠᠬᠤ ᠪᠠ ᠥᠭᠡᠷᠡᠴᠢᠯᠡᠬᠦ ᠶᠢ ᠨᠡᠪᠲᠡᠷᠡᠯᠴᠡᠭᠦᠯᠵᠦ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ  ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠵᠤ᠂ ᠢᠮᠠᠭᠲᠠ ᠲᠤᠭᠤᠰᠢᠯᠠᠭᠤᠯᠤᠨ᠎ᠠ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1