ᠤᠶᠢᠷ᠎ᠠ ᠳᠤ᠂ ᠬᠦᠬᠡᠬᠤᠳᠠ ᠶᠢᠨ ᠵᠠᠬᠢᠳᠠᠯ ᠰᠤᠷᠪᠤᠯᠵᠢᠯᠠᠭ᠎ᠠ᠂ ᠲᠣᠭᠲᠠᠭᠤᠨ ᠪᠠᠶᠢᠯᠭᠠᠬᠤ ᠠᠵᠢᠯ ᠤᠨ | ᠬᠤᠷᠠᠯᠳᠤᠭᠠᠨ ᠵᠢᠴᠢ ᠤᠯᠤᠰ ᠤᠨ ᠪᠠᠶᠠᠷ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ | ᠪᠠᠶᠢᠳᠠᠯ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠲᠧᠯᠸᠢᠰ ᠬᠤᠷᠠᠯ ᠬᠤᠷᠠᠯᠳᠤᠪᠠ ᠃ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠥᠬᠦ | ᠬᠤᠲᠠ ᠶᠢᠨ ᠲᠡᠭᠡᠳᠦ ᠳᠣᠣᠷᠠᠳᠤ ᠱᠠᠲᠤᠨ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠤᠯᠠᠮ ᠨᠢᠭᠡ | ᠠᠯᠬᠤᠮ ᠨᠢᠭᠡᠳᠬᠡᠵᠦ᠂ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ᠂ ᠲᠣᠭᠲᠠᠭᠤᠨ ᠢ ᠬᠠᠮᠠᠭᠠᠯᠠᠬᠤ ᠵᠡᠷᠭᠡ | ᠭᠤᠤᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠳᠡᠢ ᠭᠡᠵᠦ ᠰᠠᠨᠠᠭᠠᠴᠢᠯᠠᠭᠰᠠᠨ ᠪᠠᠶᠢᠨ᠎ᠠ | ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠩ ᠢᠦᠢ ᠵᠧᠨ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠾᠧ ᠬᠠᠢ ᠳ᠋ᠦᠩ | ᠡᠷᠭᠢᠯᠡᠪᠡ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ ᠵᠡᠷᠭᠡ ᠰᠢᠶᠠᠨ ᠤ | ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠭᠳᠠᠬᠤ ᠰᠢᠶᠠᠨ ᠤ ᠬᠤᠪᠢᠶᠠᠷᠢ ᠬᠤᠷᠠᠯ ᠤᠨ | ᠲᠠᠯᠠᠪᠠᠢ ᠳᠤ ᠬᠤᠷᠠᠯ ᠳᠤ ᠣᠷᠣᠯᠴᠠᠪᠠ᠃ | ᠬᠤᠷᠠᠯ ᠠᠴᠠ᠂ ᠪᠦᠬᠦ ᠬᠤᠲᠠ ᠶᠢᠨ ᠲᠡᠭᠡᠳᠦ ᠳᠣᠣᠷᠠᠳᠤ ᠱᠠᠲᠤ ᠪᠠᠷ ᠢᠶᠠᠨ ᠡᠷᠬᠡᠪᠰᠢ ᠤᠯᠤᠰ ᠲᠥᠷᠥ ᠶᠢ | ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠦᠨᠳᠦᠷᠴᠡ ᠠᠴᠠ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ | ᠤᠨ ᠣᠢ ᠶᠢᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ | ᠶᠢᠨ ᠴᠢᠬᠤᠯᠠ ᠴᠢᠨᠠᠷ ᠢ ᠭᠦᠶᠴᠡᠳ ᠲᠠᠨᠢᠵᠤ᠂ ᠠᠶᠤᠯ ᠲᠦᠭᠰᠢᠭᠦᠷᠢ ᠶᠢᠨ ᠤᠬᠠᠮᠰᠠᠷ᠂ ᠠᠮᠤᠷ ᠲᠦᠪᠰᠢᠨ ᠢ | ᠬᠠᠮᠠᠭᠠᠯᠠᠬᠤ ᠠᠵᠢᠯ ᠢ ᠣᠳᠣᠬᠠᠨ ᠤ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠵᠤ᠂ ᠨᠠᠷᠢᠨ ᠨᠢᠮᠪᠠᠶ | ᠪᠠᠶᠢᠷᠢᠯᠠᠭᠤᠯᠵᠤ᠂ ᠪᠦᠲᠦᠮᠵᠢᠲᠡᠶ ᠰᠢᠶᠳᠪᠦᠷᠢᠯᠡᠵᠦ᠂ ᠡᠬᠡ ᠤᠯᠤᠰ ᠤᠨ ︽ᠪᠡᠭᠡᠵᠢᠩ ᠶᠡᠭᠡ ᠰᠤᠷᠭᠠᠭᠤᠯᠢ︾ ᠶᠢ ᠪᠦᠬᠦ | ᠬᠦᠴᠦᠨ ᠢᠶᠠᠷ ᠢᠶᠠᠨ ᠰᠠᠶᠢᠲᠤᠷ ᠰᠠᠬᠢᠵᠤ᠂ ᠨᠡᠢᠰᠯᠡᠯ ᠤᠨ ︽ᠬᠤᠲᠠ ᠶᠢ ᠬᠠᠮᠠᠭᠠᠯᠠᠬᠤ︾ ᠢ ᠪᠠᠲᠤ ᠴᠣᠭᠴᠠᠯᠠᠵᠤ᠂ | ᠣᠷᠣᠨ ᠤ ᠲᠥᠪ ᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠬᠦᠴᠦᠯᠡᠨ ᠪᠠᠲᠤᠯᠠᠬᠤ | ᠬᠡᠷᠡᠭᠲᠡᠶ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠬᠡᠮ ᠰᠣᠭᠤᠭ ᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠭᠤᠤᠯᠳᠠᠯᠭ᠎ᠠ ᠲᠠᠢ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠰᠢᠶᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠠᠮᠤᠷ | ᠲᠦᠪᠰᠢᠨ ᠤ ᠬᠠᠮᠢᠶᠠᠷᠤᠯᠲᠠ ᠡᠵᠡᠮᠳᠡᠯ ᠢ ᠦᠨᠡᠨᠬᠦ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠪᠠ ᠣᠳᠣᠬᠠᠨ ᠳᠤ ᠶᠠᠭ ᠥᠷᠨᠢᠭᠦᠯᠵᠦ ᠪᠠᠶᠢᠭ᠎ᠠ 16 ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ | ᠤ ᠰᠠᠮᠠᠭᠤᠨ ᠪᠠᠶᠢᠳᠠᠯ ᠢ ᠵᠠᠰᠠᠬᠤ ᠲᠠᠢ ᠤᠶᠠᠯᠳᠤᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ | ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠠᠶᠤᠯᠭᠦᠶ ᠦᠶᠯᠡᠳᠪᠦᠷᠢᠯᠡᠯ ᠢ ᠰᠠᠶᠢᠲᠤᠷ ᠠᠳᠬᠤᠵᠤ᠂ | ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ᠂ ᠢᠳᠡᠭᠡᠨ ᠤ ᠵᠦᠶᠯ ᠡᠮ ᠤᠨ ᠵᠦᠶᠯ ᠵᠡᠷᠭᠡ ᠭᠤᠤᠯᠳᠠᠯᠭ᠎ᠠ ᠲᠠᠢ | ᠬᠦᠷᠢᠶ᠎ᠡ ᠪᠣᠯᠤᠨ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ᠂ ᠬᠤᠭᠤᠯᠠᠨ ᠭᠡᠷ᠂ ᠮᠠᠰᠢᠨ ᠲᠡᠷᠭᠡᠨ ᠤ | ᠥᠷᠲᠡᠭᠡ᠂ ᠭᠠᠯᠲᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ ᠵᠡᠷᠭᠡ ᠬᠥᠮᠦᠨ ᠬᠠᠷ᠎ᠠ ᠬᠤᠷᠠᠨ ᠴᠤᠭᠯᠠᠷᠠᠳᠠᠭ | ᠲᠠᠯᠠᠪᠤᠷ ᠢ ᠴᠢᠩᠭ᠎ᠠ ᠠᠩᠬᠠᠷᠴᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠶᠤᠯᠭᠦᠶ ᠦᠶᠯᠡᠳᠪᠦᠷᠢᠯᠡᠯ ᠤᠨ ᠬᠦᠨᠳᠦ ᠶᠡᠭᠡ ᠣᠨᠴᠠ | ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠡᠢ᠃ | ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ | ᠂ ᠬᠤᠲᠠ ᠶᠢᠨ ᠱᠠᠲᠤᠨ ᠤ ᠤᠳᠤᠷᠢᠳᠤᠯᠭ᠎ᠠ ︽ᠪᠠᠶᠢᠩᠭᠤ ᠶᠢᠨ ᠬᠤᠷᠢᠶᠠᠨ ᠤ ᠬᠡᠰᠡᠭ ᠢ ᠳᠠᠭᠠᠭᠠᠴᠢᠯᠠᠬᠤ᠂ ᠬᠤᠲᠠ | ᠶᠢᠨ ᠱᠠᠲᠤᠨ ᠤ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ︾ ᠳᠦᠷᠢᠮ ᠢ ᠰᠠᠶᠢᠲᠤᠷ ᠨᠠᠢᠳᠠᠪᠤᠷᠢᠵᠢᠭᠤᠯᠬᠤ᠂ ᠡᠯ᠎ᠡ | ᠬᠤᠰᠢᠭᠤ ᠰᠢᠶᠠᠨ ᠲᠣᠭᠤᠷᠢᠭ ︽ᠬᠠᠷᠢᠶ᠎ᠠ ᠭᠠᠵᠠᠷ ᠤᠨ ᠬᠠᠷᠢᠭᠤᠴᠠᠯᠭ᠎ᠠ︾ ᠶᠢ ᠰᠠᠶᠢᠲᠤᠷ ᠭᠦᠶᠴᠡᠳᠬᠡᠵᠦ᠂ ᠡᠯ᠎ᠡ | ᠱᠠᠲᠤᠨ ᠤ ᠰᠠᠯᠠᠭ᠎ᠠ ᠮᠥᠴᠢᠷ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠥᠪᠡᠷ ᠤᠨ ︽ | ᠬᠠᠷᠢᠭᠤᠴᠠᠯᠭ᠎ᠠ ᠶᠢᠨ ᠲᠠᠷᠢᠶ᠎ᠠ︾ ᠪᠠᠨ ᠰᠠᠶᠢᠲᠤᠷ ᠬᠠᠮᠢᠶᠠᠷᠬᠤ ᠬᠡᠷᠡᠭᠲᠡᠶ᠃ ᠢᠯᠠᠩᠭᠤᠶ᠎ᠠ ᠳᠣᠲᠣᠭᠠᠳᠤ ᠶᠢ ᠬᠠᠮᠠᠭᠠᠯᠠᠬᠤ | ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠤᠨ ᠬᠢᠨ ︽ᠵᠠᠷᠭᠤ︾ ᠶᠢᠨ ᠦᠶᠯᠡᠳᠦᠯ ᠢᠶᠠᠨ ᠭᠦᠶᠴᠡᠳ | ᠪᠠᠳᠠᠷᠠᠭᠤᠯᠵᠤ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠪᠠᠨ | ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠤᠯᠤᠰ ᠤᠨ | ᠪᠠᠶᠠᠷ ᠤᠨ ᠬᠤᠭᠤᠴᠠᠭᠠᠨ ᠳᠤ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠡᠯ᠎ᠡ ᠵᠦᠶᠯ ᠤᠨ ᠠᠵᠢᠯ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ ᠰᠢᠨ᠎ᠡ ᠳᠤᠮᠳᠠᠳᠤ ᠤᠯᠤᠰ | ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ | ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠾᠧ ᠬᠠᠢ ᠳ᠋ᠦᠩ ᠤᠯᠤᠰ ᠤᠨ ᠪᠠᠶᠠᠷ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ | ᠪᠠᠶᠢᠳᠠᠯ ᠢ ᠬᠠᠮᠠᠭᠠᠯᠠᠬᠤ ᠠᠵᠢᠯ ᠵᠡᠷᠭᠡ ᠳᠤ ᠱᠠᠭᠠᠷᠳᠠᠯᠭ᠎ᠠ ᠳᠤᠷᠠᠳᠴᠤ᠂ ᠬᠤᠲᠠ ᠶᠢᠨ ᠳᠡᠳ᠋ ᠳᠠᠷᠤᠭ᠎ᠠ᠂ ᠬᠤᠲᠠ | ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠹᠦ᠋ ᠪᠢᠨ ᠤᠯᠤᠰ ᠤᠨ ᠪᠠᠶᠠᠷ ᠤᠨ ᠬᠤᠭᠤᠴᠠᠭᠠᠨ ᠳᠠᠬᠢ | ᠠᠵᠢᠯ ᠢ ᠪᠠᠶᠢᠷᠢᠯᠠᠭᠤᠯᠵᠠᠶ᠃ ᠬᠤᠷᠠᠯ ᠠᠴᠠ ᠪᠠᠰᠠ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ ᠪᠠᠶᠠᠷ ᠤᠨ ᠡᠳᠦᠷ | ᠤᠨ ᠵᠠᠬ᠎ᠠ ᠳᠡᠯᠭᠡᠭᠦᠷ ᠤᠨ ᠬᠠᠩᠭᠠᠯᠭ᠎ᠠ ᠵᠢᠴᠢ ᠦᠪᠡᠳᠡᠭᠰᠢ ᠶᠡᠭᠡ ᠪᠠᠶᠠᠷ ᠢ ᠤᠭᠲᠤᠬᠤ ᠤᠬᠠᠭᠤᠯᠭ᠎ᠠ ᠶᠢᠨ ᠠᠵᠢᠯᠯᠠᠭ᠎ᠠ | ᠶᠢ ᠵᠣᠬᠢᠶᠠᠨ ᠪᠠᠶᠢᠭᠤᠯᠤᠨ ᠥᠷᠨᠢᠭᠦᠯᠬᠦ ᠵᠡᠷᠭᠡ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠵᠡᠶ᠃ |