ᠭᠦᠸᠧ ᡁᠢ ᠭᠠᠩ᠂ ᠯᠢ ᠴᠦᠨ ᠶᠠᠨ ᠠᠩᠭᠢ ᠳᠠᠭᠠᠭᠤᠯᠤᠨ ᠤᠯᠠᠭᠠᠨᠬᠦᠦ ᠶᠢᠨ ᠳᠤᠷᠠᠰᠬᠠᠯ ᠤᠨ ᠣᠷᠳᠣᠨ  ᠳᠤ ᠬᠦᠷᠴᠦ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-09-29
      ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ᠂ ᠨᠠᠮ ᠤᠨ ᠭᠡᠷᠡᠯ ᠰᠠᠴᠤᠷᠠᠩᠭᠤᠶ ᠲᠡᠦᠬᠡ ᠶᠢ ᠳᠠᠬᠢᠨ ᠳᠤᠷᠠᠰᠤᠨ ᠰᠠᠨᠠᠭᠠᠯᠵᠠᠵᠤ᠂ ᠨᠠᠮ ᠤᠨ ᠡᠶ᠎ᠡ ᠨᠠᠶᠢᠷᠠᠮᠳᠠᠯ ᠢ ᠵᠠᠯᠭᠠᠮᠵᠢᠯᠠᠨ ᠪᠠᠳᠠᠷᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠴᠢᠨᠠᠭᠰᠢᠳᠠ ᠭᠦᠨᠵᠡᠭᠡᠶᠢᠷᠡᠭᠦᠯᠦᠨ ᠪᠤᠳᠠᠳᠠᠶᠢᠵᠢᠭᠤᠯᠬᠤ ᠶᠢᠨ ᠲᠦᠯᠦᠭᠡ᠂ 9 ᠰᠠᠷ᠎ᠠ ᠶᠢᠨ 27 ᠤ ᠡᠳᠦᠷ᠂ ᠭᠦᠸᠧ ᡁᠢ ᠭᠠᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠤᠳᠤᠷᠢᠳᠤᠯᠭ᠎ᠠ ᠨᠠᠷ ᠢ ᠳᠠᠭᠠᠭᠤᠯᠤᠨ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠦᠷᠴᠦ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ  ᠤᠨ ᠠᠵᠢᠯᠯᠠᠭ᠎ᠠ ᠥᠷᠨᠢᠭᠦᠯᠪᠡ᠃      ᠲᠣᠭᠤᠷᠢᠨ ᠦᠵᠡᠵᠦ ᠡᠬᠢᠯᠡᠬᠦ ᠠᠴᠠ ᠡᠮᠦᠨ᠎ᠡ᠂ ᠭᠦᠸᠧ ᡁᠢ ᠭᠠᠩ᠂ ᠯᠢ ᠴᠦᠨ ᠶᠠᠨ ᠨᠠᠷ ᠮᠥᠷᠯᠡᠨ ᠵᠣᠭᠰᠣᠵᠤ᠂ ᠤᠯᠠᠭᠠᠨᠬᠦᠦ ᠶᠢᠨ ᠱᠤᠭᠤᠮᠠᠯ ᠬᠦᠷᠦᠭ ᠲᠤ ᠴᠡᠴᠡᠭᠲᠦ ᠰᠠᠭᠰᠤ ᠬᠦᠷᠭᠡᠵᠦ ᠶᠣᠰᠣᠯᠠᠪᠠ᠃      ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠶᠡᠭᠡ ᠬᠡᠮᠵᠢᠶᠡᠨ ᠤ ᠬᠤᠪᠣᠷ ᠨᠠᠨᠳᠢᠨ ᠲᠡᠦᠬᠡᠨ ᠪᠣᠳᠠᠲᠤ ᠪᠠᠶᠢᠳᠠᠯ ᠢ ᠪᠣᠯᠪᠠᠰᠤᠷᠠᠭᠤᠯᠵᠤ᠂ ᠨᠡᠶᠢᠲᠡ ᠣᠷᠣᠰᠢᠯ ᠲᠢᠩᠬᠢᠮ᠂ ᠦᠵᠡᠭᠦᠯᠦᠯᠭᠡ ᠶᠢᠨ ᠲᠢᠩᠬᠢᠮ᠂ ᠺᠢᠨᠣ᠋ ᠭᠠᠷᠭᠠᠬᠤ ᠲᠢᠩᠬᠢᠮ ᠢ ᠪᠠᠭᠲᠠᠭᠠᠭᠰᠠᠨ 6 ᠶᠡᠭᠡ ᠬᠡᠰᠡᠭ 12 ᠨᠢᠭᠡᠴᠢ ᠶᠢ ᠲᠣᠬᠢᠷᠠᠭᠤᠯᠵᠤ᠂ ᠨᠡᠶᠢᠲᠡ 121 ᠬᠤᠪᠢ ᠲᠡᠦᠬᠡ  ᠶᠢᠨ ᠳᠤᠷᠠᠰᠬᠠᠯᠲᠤ ᠵᠦᠶᠯ᠂ 146 ᠬᠤᠪᠢ ᠰᠤᠷᠪᠤᠯᠵᠢ ᠪᠢᠴᠢᠭ ᠲᠣᠬᠢᠷᠠᠭᠤᠯᠵᠠᠢ᠃ ᠲᠡᠭᠦᠨ ᠤ ᠳᠠᠷᠠᠭᠠᠬᠢ ᠲᠣᠭᠤᠷᠢᠨ ᠦᠵᠡᠬᠦ ᠳᠤᠮᠳᠠ᠂ ᠭᠦᠸᠧ ᡁᠢ ᠭᠠᠩ᠂ ᠯᠢ ᠴᠦᠨ ᠶᠠᠨ ᠨᠠᠷ ᠤᠨ ᠪᠢᠰᠢᠷᠡᠨ ᠬᠦᠨᠳᠦᠳᠬᠡᠬᠦ ᠰᠡᠳᠬᠢᠯᠭᠡ  ᠶᠢ ᠨᠠᠷᠢᠨ ᠬᠢᠨᠠᠮᠠᠭᠠᠶ ᠰᠣᠨᠣᠰᠴᠤ᠂ ᠲᠠᠶᠢᠯᠪᠤᠷᠢᠯᠠᠭᠴᠢ ᠶᠢᠨ ᠠᠮᠢᠳᠤᠯᠢᠭ ᠲᠣᠭᠠᠴᠢᠯᠲᠠ ᠶᠢ ᠨᠠᠷᠢᠨ ᠬᠢᠨᠠᠮᠠᠭᠠᠶ ᠰᠣᠨᠣᠰᠴᠤ᠂ ᠪᠣᠳᠠᠲᠤ ᠶᠠᠭᠤᠮ᠎ᠠ᠂ ᠵᠢᠷᠤᠭ᠂ ᠮᠠᠲ᠋ᠧᠷᠢᠶᠠᠯ ᠵᠡᠷᠭᠡ ᠶᠢ ᠦᠵᠡᠪᠡ᠃ ︽ᠤᠷᠳᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠬᠡ ᠣᠷᠣᠨᠴᠢ ᠪᠠᠶᠢᠯᠳᠤᠭᠴᠢ᠂ ᠨᠠᠮ ᠪᠠ ᠲᠥᠷᠦ ᠶᠢᠨ ᠰᠢᠯᠢᠳᠡᠭ ᠤᠳᠤᠷᠢᠳᠬᠤ ᠬᠥᠮᠦᠨ᠂ ᠦᠭᠡᠶᠢᠭᠦᠦ ᠠᠩᠭᠢ ᠶᠢᠨ ᠭᠠᠷᠮᠠᠭᠠᠶ ᠬᠤᠪᠢᠰᠬᠠᠯᠴᠢ᠂ ᠦᠨᠳᠦᠰᠦᠲᠡᠨ ᠤ ᠠᠵᠢᠯ ᠤᠨ ᠭᠠᠷᠮᠠᠭᠠᠶ ᠤᠳᠤᠷᠢᠳᠬᠤ ᠬᠥᠮᠦᠨ︾ ᠤᠯᠠᠭᠠᠨᠬᠦᠦ ᠨᠥᠬᠦᠷ ᠤᠨ ᠪᠠᠭᠠᠴᠤᠳ ᠤᠨ ᠬᠤᠪᠢᠰᠬᠠᠯ ᠳᠤ ᠣᠷᠣᠯᠴᠠᠵᠤ ᠤᠯᠤᠰ ᠲᠠᠭᠠᠨ ᠵᠢᠳᠬᠦᠬᠦ᠂ ᠦᠨᠡᠨ ᠰᠡᠳᠬᠢᠯ ᠠᠴᠠ ᠪᠠᠨ ᠵᠢᠳᠬᠦᠬᠦ ᠢᠷᠠᠭᠤ ᠠᠯᠳᠠᠷᠲᠤ ᠨᠢᠭᠡ ᠨᠠᠰᠤ ᠵᠢᠴᠢ ᠤᠯᠠᠭᠠᠨᠬᠦᠦ ᠪᠣᠯᠤᠨ ᠥᠪᠥᠷ ᠮᠣᠩᠭᠤᠯ ᠤᠨ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠳᠤᠮᠳᠠᠳᠤ ᠤᠯᠤᠰ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠠᠮᠵᠢᠯᠲᠠ ᠪᠦᠲᠦᠮᠵᠢ ᠶᠢ ᠡᠷᠭᠢᠴᠡᠭᠦᠯᠪᠡ᠃      ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠭᠦᠸᠧ ᡁᠢ ᠭᠠᠩ᠂ ᠯᠢ ᠴᠦᠨ ᠶᠠᠨ ᠵᠡᠷᠭᠡ ᠰᠢᠶᠠᠨ ᠤ ᠳᠠᠷᠤᠭ᠎ᠠ ᠶᠢᠨ ᠤᠳᠤᠷᠢᠳᠤᠭᠰᠠᠨ ᠨᠠᠮ ᠤᠨ ᠭᠡᠰᠢᠭᠦᠳ ᠨᠠᠮ ᠤᠨ ᠲᠤᠭ ᠲᠤ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠵᠦ᠂ ᠨᠠᠮ ᠤᠨ ᠦᠢᠯᠡᠰ ᠤᠨ ᠲᠥᠯᠥᠭᠡ ᠲᠡᠮᠡᠴᠡᠬᠦ ᠵᠣᠷᠢᠭ ᠢᠶᠠᠨ ᠢᠯᠡᠳᠬᠡᠵᠡᠶ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠲᠥᠪ ᠪᠠ ᠥᠪᠡᠷᠲᠡᠭᠡᠨ ᠵᠠᠰᠠᠬᠤ ᠣᠷᠣᠨ ᠤ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠨᠢᠭᠡᠨ ᠴᠢᠬᠤᠯᠠ ᠭᠤᠭᠴᠤᠭ᠎ᠠ ᠪᠣᠯᠤᠨ᠎ᠠ᠃ ᠣᠯᠠᠨ ᠢᠶᠠᠷ ᠢᠶᠠᠨ᠂ ᠨᠠᠮ ᠤᠨ ᠤᠭ ᠰᠠᠨᠠᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠲᠡᠦᠬᠡ᠂ ᠨᠠᠮ ᠤᠨ ᠵᠣᠷᠢᠯᠲᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠬᠤᠪᠢᠰᠬᠠᠯᠴᠢ ᠶᠢᠨ ᠠᠭᠤᠤ ᠶᠡᠭᠡ ᠵᠣᠷᠢᠭ ᠰᠠᠨᠠᠭ᠎ᠠ ᠪᠣᠯᠤᠨ ᠵᠠᠩ ᠴᠢᠨᠠᠷ ᠢ ᠵᠠᠯᠭᠠᠮᠵᠢᠯᠠᠵᠤ᠂ ᠡᠪ ᠬᠠᠮᠲᠤ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠬᠤᠪᠢᠰᠬᠠᠯᠴᠢ  ᠪᠠᠷ ᠳᠠᠭᠤᠷᠢᠶᠠᠯ ᠪᠣᠯᠭᠠᠵᠤ᠂ ᠨᠡᠶᠢᠭᠡᠮ ᠵᠢᠷᠤᠮ᠂ ᠡᠪ ᠬᠠᠮᠲᠤ ᠶᠣᠰᠣᠨ ᠤ ᠬᠦᠰᠡᠯᠡᠩ ᠢᠲᠡᠭᠡᠯ ᠪᠢᠰᠢᠷᠡᠯ ᠢᠶᠠᠨ ᠡᠭᠦᠷᠢᠳᠡ ᠪᠠᠲᠤᠳᠬᠠᠵᠤ᠂ ᠨᠠᠮ ᠪᠠᠶᠢᠭᠤᠯᠬᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠶᠢᠨ ᠲᠡᠮᠡᠴᠡᠯ ᠤᠨ ᠵᠣᠷᠢᠭ ᠰᠠᠨᠠᠭ᠎ᠠ ᠶᠢ ᠡᠭᠦᠷᠢᠳᠡ ᠪᠠᠷᠢᠮᠲᠠᠯᠠᠵᠤ᠂ ᠠᠷᠠᠳ ᠲᠦᠮᠡᠨ ᠳᠤ ᠴᠢᠩ ᠦᠨᠡᠨᠴᠢ ᠰᠡᠳᠬᠢᠯ ᠢᠶᠠᠨ ᠡᠭᠦᠷᠢᠳᠡ ᠪᠠᠲᠤᠯᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠠᠮ ᠪᠣᠯᠤᠨ ᠠᠷᠠᠳ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠠᠮᠵᠢᠯᠲᠠ ᠪᠦᠲᠦᠮᠵᠢ᠂ ᠰᠢᠨ᠎ᠡ ᠳᠦᠷᠢ ᠲᠥᠷᠬᠦ ᠪᠠᠨ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠤᠢ ᠳᠤ ᠵᠣᠷᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1