ᠲᠣᠭᠲᠠᠬᠤ ᠰᠢᠶᠠᠨ ᠤ ᠦᠨᠳᠦᠰᠦᠲᠡᠨ ᠡᠯ᠎ᠡ ᠡᠲᠡᠭᠡᠳ ᠤᠨ 20 ᠲᠦᠮᠡᠨ ᠺᠠᠳ᠋ᠷ ᠣᠯᠠᠨ ᠲᠦᠮᠡᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠪᠡ
ᠨᠡᠶᠢᠲᠡᠯᠡᠭᠰᠡᠨ ᠴᠠᠭ᠄
2019-09-29
       ᠪᠦᠬᠦ ᠤᠯᠤᠰ ᠤᠨ ᠠᠷᠠᠳ ᠲᠦᠮᠡᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠤᠭᠲᠤᠵᠤ ᠪᠠᠶᠢᠭ᠎ᠠ ᠲᠠᠰᠢᠷᠠᠮ ᠳᠤ᠂ ᠲᠤᠭᠳᠠᠬᠤ ᠰᠢᠶᠠᠨ ᠤ ᠡᠯ᠎ᠡ ᠦᠨᠳᠦᠰᠦᠲᠡᠨ ᠨᠦᠭᠦᠳ ᠤᠨ 20 ᠲᠦᠮᠡᠨ ᠺᠠᠳ᠋ᠷ ᠣᠯᠠᠨ ᠲᠦᠮᠡᠨ ᠥᠪᠡᠷ ᠤᠨ ᠠᠷᠭ᠎ᠠ ᠬᠡᠯᠪᠡᠷᠢ ᠪᠠᠷ ᠢᠶᠠᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠤᠢ ᠳᠤ ᠪᠡᠯᠡᠭ ᠬᠦᠷᠭᠡᠪᠡ᠃      ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠶᠠᠨ ᠤ ᠰᠤᠶᠤᠯ ᠵᠤᠭᠠᠴᠠᠯ ᠤᠨ ᠲᠣᠪᠴᠢᠶ᠎ᠠ᠂ ᠰᠢᠶᠠᠨ ᠤ ᠤᠯᠠᠭᠠᠨᠮᠥ᠋ᠴᠢᠷ ᠤᠨ ᠳᠠᠭᠠᠭᠠᠴᠢᠯᠠᠨ ᠡᠷᠬᠢᠯᠡᠭᠰᠡᠨ ︽ᠰᠢᠨ᠎ᠡ ᠳᠤᠮᠳᠠᠳᠤ ᠤᠯᠤᠰ ᠤᠨ ᠡᠷᠡᠯᠬᠡᠭᠯᠡᠨ ᠤᠷᠤᠭᠰᠢᠯᠠᠬᠤ ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠵᠤ︾ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠨᠠᠶᠢᠷᠠᠯ ᠳᠠᠭᠤᠤ ᠶᠦᠨ ᠵᠦᠩ ᠰᠣᠶᠣᠯ ᠤᠨ ᠣᠷᠳᠣᠨ ᠳᠤ ᠬᠠᠩᠭᠢᠨᠠᠲᠠᠯ᠎ᠠ ᠳᠠᠭᠤᠯᠠᠪᠠ᠃ ᠡᠯ᠎ᠡ ᠪᠠᠯᠭᠠᠰᠤ᠂ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠢᠯᠠᠯ ᠠᠵᠢᠯ ᠦᠢᠯᠡᠰ ᠤᠨ ᠨᠢᠭᠡᠴᠡ ᠰᠢᠰᠲ᠋ᠧᠮ ᠢᠶᠠᠷ ᠨᠢᠭᠡᠴᠢ ᠪᠣᠯᠭᠠᠭᠰᠠᠨ 32 ᠰᠠᠯᠠᠭ᠎ᠠ ᠠᠩᠭᠢ ᠶᠢᠨ 2000 ᠭᠠᠷᠤᠶ ᠬᠥᠮᠦᠨ ᠲᠣᠰ ᠠᠵᠢᠯᠯᠠᠭ᠎ᠠ ᠳᠤ ᠣᠷᠣᠯᠴᠠᠵᠠᠶ᠃ ᠬᠥᠳᠡᠯᠭᠡᠭᠡᠨ ᠢ ᠤᠷᠤᠯᠳᠤᠭᠠᠨ ᠪᠠ ᠦᠵᠡᠭᠦᠯᠦᠯᠭᠡ ᠶᠢᠨ ᠲᠣᠭᠯᠠᠯᠲᠠ ᠭᠡᠵᠦ ᠬᠤᠶᠠᠷ ᠬᠡᠰᠡᠭ ᠬᠤᠪᠢᠶᠠᠵᠤ ᠶᠠᠪᠤᠭᠳᠠᠭᠤᠯᠤᠨ᠎ᠠ᠃      ᠬᠥᠳᠡᠯᠭᠡᠭᠡᠨ ᠤ ᠳᠤᠮᠳᠠ᠂ ᠡᠯ᠎ᠡ ᠰᠠᠯᠪᠤᠷᠢ ᠠᠩᠭᠢ ᠶᠢᠨ ᠬᠢᠨ ︽ᠡᠬᠡ ᠤᠯᠤᠰ ᠢᠶᠠᠨ ᠮᠠᠷᠲᠠᠬᠤ ᠦᠭᠡᠢ︾᠂ ︽ᠤᠭ ᠰᠠᠨᠠᠭ᠎ᠠ ᠪᠠᠨ ᠦᠯᠦ ᠮᠠᠷᠲᠠᠨᠠᠮ︾᠂ ︽ᠪᠢ ᠡᠬᠡ ᠤᠯᠤᠰ ᠳᠠᠭᠠᠨ ᠬᠠᠶᠢᠷᠠᠲᠠᠶ︾᠂ ︽ᠴᠡᠷᠢᠭ ᠢ ᠬᠦᠴᠦᠷᠬᠡᠭᠵᠢᠭᠦᠯᠬᠦ ᠳᠠᠶᠢᠴᠢᠨ ᠳᠠᠭᠤᠤ︾᠂ ︽ᠰᠢᠨ᠎ᠡ ᠴᠠᠭ ᠦᠶ᠎ᠡ ᠶᠢᠨ ᠪᠦᠲᠦᠭᠡᠨ ᠪᠠᠶᠢᠭᠤᠯᠤᠭᠴᠢ︾᠂ ︽ᠮᠠᠨ  ᠤ ᠠᠵᠢᠯᠴᠢᠨ ᠬᠦᠴᠦᠨ ᠴᠢᠳᠠᠯ ᠲᠠᠢ︾᠂ ︽ᠡᠬᠡ ᠤᠯᠤᠰ ᠢᠶᠠᠨ ᠢᠷᠥᠭᠡᠶ᠎ᠡ︾᠂ ︽ᠲᠤᠭᠳᠠᠬᠤ ᠮᠢᠨᠦ ᠰᠡᠳᠬᠢᠯ ᠵᠢᠷᠦᠬᠡᠨ ᠳᠠᠬᠢ ᠬᠠᠮᠤᠭ ᠤᠨ ᠭᠤᠶᠤ ᠰᠠᠶᠢᠬᠠᠨ ᠭᠠᠵᠠᠷ︾ ᠵᠡᠷᠭᠡ 60 ᠭᠠᠷᠤᠶ ᠭᠤᠤᠯ ᠰᠡᠳᠦᠪ ᠢᠯᠠ ᠲᠣᠳᠣ᠂ ᠬᠥᠮᠦᠰ ᠢ ᠤᠷᠮᠠᠰᠢᠭᠤᠯᠤᠨ ᠳᠠᠪᠰᠢᠭᠤᠯᠤᠭᠰᠠᠨ ᠳᠠᠭᠤᠤ ᠶᠢ ᠨᠠᠷᠢᠨ ᠨᠢᠮᠪᠠᠶ ᠲᠣᠭᠯᠠᠵᠤ᠂ ᠬᠠᠳᠤᠨ ᠭᠤᠤᠯ ᠤᠨ ᠬᠥᠪᠡᠭᠡᠨ ᠳᠠᠬᠢ ᠠᠴᠢᠯᠠᠯᠲᠤ ᠶᠦᠨ ᠵᠦᠩ ᠬᠥᠪᠡᠭᠦᠳ ᠥᠬᠢᠳ ᠤᠨ ᠨᠠᠮ ᠪᠣᠯᠤᠨ ᠡᠬᠡ ᠤᠯᠤᠰ ᠲᠠᠭᠠᠨ ᠦᠨᠡᠨᠴᠢ ᠰᠢᠳᠤᠷᠭᠤ ᠪᠠ ᠬᠠᠯᠠᠭᠤᠨ ᠬᠠᠶᠢᠷ᠎ᠠ ᠶᠢ ᠳᠠᠭᠤᠯᠠᠪᠠ᠃ ᠡᠬᠡ ᠣᠷᠣᠨ ᠢᠶᠠᠨ ᠢᠷᠦᠭᠡᠵᠦ᠂ ᠡᠬᠡ ᠣᠷᠣᠨ ᠢᠶᠠᠨ ᠪᠦᠲᠦᠭᠡᠨ ᠪᠠᠶᠢᠭᠤᠯᠬᠤ ᠴᠢᠩ ᠦᠨᠡᠨᠴᠢ ᠰᠡᠳᠬᠢᠯᠭᠡ ᠨᠢ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠥᠭᠡᠳᠡᠯᠡᠨ ᠳᠠᠪᠰᠢᠬᠤ ᠵᠣᠷᠢᠭ ᠰᠠᠨᠠᠭ᠎ᠠ ᠶᠢ ᠭᠦᠶᠴᠡᠳ ᠢᠯᠡᠷᠡᠭᠦᠯᠦᠭᠰᠡᠨ ᠪᠠᠶᠢᠨ᠎ᠠ᠃      ᠭᠤᠢᠳᠠ ᠰᠠᠢᠬᠠᠨ ᠲᠣᠭᠯᠠᠯᠲᠠ ᠨᠢ ᠲᠤᠬᠠᠶ ᠶᠢᠨ ᠲᠠᠯᠠᠪᠠᠢ ᠤᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠤᠯᠤᠰ ᠤᠨ ᠨᠢᠭᠡᠳᠦᠭᠡᠷ ᠲᠡᠰ ᠤᠨ ᠠᠶ᠎ᠠ ᠵᠣᠬᠢᠶᠠᠭᠴᠢ᠂ ᠥᠪᠥᠷ ᠮᠣᠩᠭᠤᠯ ᠤᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠸᠠᠩ ᠰᠢᠶᠣᠤ ᠬᠤᠩ ᠵᠡᠷᠭᠡ ᠲᠤᠰᠬᠠᠶ ᠮᠡᠷᠭᠡᠵᠢᠯ ᠤᠨ ᠪᠠᠭᠰᠢ ᠪᠠᠷ ᠪᠦᠷᠢᠯᠳᠦᠭᠰᠡᠨ ᠰᠢᠯᠭᠠᠷᠠᠭᠤᠯᠬᠤ ᠺᠣᠮᠢᠰ ᠤᠨ ᠪᠦᠯᠬᠦᠮ ᠤᠨ ᠬᠢᠨ ᠡᠯ᠎ᠡ ᠠᠩᠭᠢ ᠳᠤ ᠥᠨᠳᠥᠷ ᠦᠨᠡᠯᠡᠯᠲᠡ ᠥᠭᠭᠦᠭᠰᠡᠨ ᠪᠥᠭᠡᠳ ᠲᠤᠬᠠᠶ ᠶᠢᠨ ᠲᠠᠯᠠᠪᠠᠢ ᠳᠤ ᠦᠨᠡᠯᠡᠯᠲᠡ ᠬᠢᠵᠡᠶ᠃ ᠬᠤᠷᠴᠠ ᠰᠢᠷᠦᠭᠦᠨ ᠥᠷᠢᠰᠦᠯᠳᠦᠭᠰᠡᠨ ᠤ ᠳᠠᠷᠠᠭ᠎ᠠ᠂ ᠰᠢᠶᠠᠨ ᠤ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ᠂ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ ᠨᠢᠭᠡᠳᠦᠭᠡᠷ ᠲᠡᠰ ᠤᠨ ᠱᠠᠩᠨᠠᠯ ᠬᠦᠷᠲᠡᠵᠦ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠳᠠᠬᠤ ᠰᠢᠶᠠᠨ ᠤ ᠦᠨᠳᠦᠰᠦᠳᠡᠨ ᠤ ᠲᠤᠮᠳᠠᠳᠦ ᠰᠤᠷᠭᠠᠭᠤᠯᠢ᠂ ᠶᠢᠨ ᠾᠧ ᠠᠮᠢᠳᠤ ᠪᠣᠳᠠᠰ᠂ ᠲᠣᠭᠲᠠᠬᠤ ᠠᠵᠤ ᠦᠶᠯᠡᠳᠪᠦᠷᠢ ᠶᠢᠨ ᠬᠦᠷᠢᠶᠡᠯᠡᠩ ᠤᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠲᠡᠰ ᠤᠨ ᠱᠠᠩᠨᠠᠯ ᠬᠦᠷᠲᠡᠵᠦ᠂ ᠰᠢᠨ ᠶᠢᠩᠽᠢ ᠪᠠᠯᠭᠠᠰᠤ᠂ ᠱᠤᠸᠠᠩ ᠾᠧ ᠪᠠᠯᠭᠠᠰᠤ᠂ ᠲᠤᠭᠳᠠᠬᠤ ᠰᠢᠠᠶ᠋ᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠲᠣᠭᠲᠠᠬᠤ ᠲᠠᠷᠢᠶᠠᠯᠠᠩ ᠤᠨ ᠬᠤᠳᠠᠯᠳᠤᠭᠠᠨ ᠤ ᠪᠠᠩᠬᠢ᠂ ᠰᠢᠶᠠᠨ ᠤ ᠭᠠᠶᠢᠯᠢ ᠶᠢᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠲᠡᠰ ᠤᠨ ᠱᠠᠩᠨᠠᠯ ᠬᠦᠷᠲᠡᠪᠡ᠃      ᠭᠦᠸᠧ ᡁᠢ ᠭᠠᠩ᠂ ᠯᠢ ᠴᠦᠨ ᠶᠠᠨ᠂ ᠰᠦᠨ ᠰᠢᠶᠦ᠋ᠨ᠂ ᠶᠦᠨ ᠷᠦᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ ᠳᠥᠷᠪᠡᠨ ᠶᠡᠭᠡ ᠪᠠᠭ ᠤᠨ ᠨᠠᠶᠢᠷᠠᠯ ᠳᠠᠭᠤᠤ ᠶᠢᠨ ᠠᠩᠭᠢ ᠶᠢᠨ ᠲᠣᠭᠯᠠᠯᠲᠠ ᠳᠤ ᠣᠷᠣᠯᠴᠠᠭᠰᠠᠨ ᠪᠥᠭᠡᠳ ᠲᠥᠯᠥᠭᠡᠯᠡᠭᠴᠢᠳ ᠤᠨ ᠠᠩᠭᠢ ᠳᠤ ᠱᠠᠩᠨᠠᠯ ᠭᠠᠷᠳᠠᠭᠤᠯᠪᠠ᠃       ᠤᠶᠢᠷ᠎ᠠ ᠶᠢᠨ ᠡᠳᠦᠷ ᠤᠳ ᠲᠤ᠂ ᠮᠠᠨ ᠤ ᠰᠢᠶᠠᠨ ᠤ ᠡᠯ᠎ᠡ ᠭᠤᠤᠯ ᠵᠡᠭᠡᠯᠢ ᠭᠤᠳᠤᠮᠵᠢ ᠶᠢᠨ ᠬᠤᠶᠠᠷ ᠬᠠᠵᠠᠭᠤ ᠪᠠᠷ ᠨᠢᠳᠦ ᠭᠢᠯᠠᠰᠤᠮ᠎ᠠ ᠲᠠᠪᠤᠨ ᠣᠳᠣᠲᠤ ᠤᠯᠠᠭᠠᠨ ᠲᠤᠭ ᠡᠯᠭᠦᠵᠦ᠂ ᠪᠠᠶᠠᠷ ᠬᠦᠦᠷ ᠲᠠᠢ ᠥᠩᠭᠡ ᠪᠤᠳᠤᠭ ᠨᠡᠮᠡᠷᠢᠯᠡᠵᠦ᠂ ᠴᠥᠭᠡᠨ ᠪᠤᠰᠤ ᠬᠤᠲᠠ ᠶᠢᠨ ᠠᠷᠠᠳ ᠨᠠᠷᠢᠨ ᠬᠢᠨᠠᠮᠠᠭᠠᠶ ᠰᠣᠨᠢᠷᠬᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠤᠷᠢᠳᠴᠢᠯᠠᠨ ᠮᠡᠳᠡᠷᠡᠪᠡ᠃      ᠵᠠᠮ ᠤᠨ ᠲᠤᠭ ᠬᠥᠨᠳᠡᠯᠡᠨ ᠪᠢᠴᠢᠭᠡᠰᠦ᠂ ᠲᠣᠭᠲᠠᠬᠤ ᠰᠣᠶᠣᠯ ᠤᠨ ᠠᠭᠤᠳᠠᠮ ᠲᠠᠯᠠᠪᠠᠢ ᠶᠢᠨ ᠲᠠᠪᠤᠨ ᠥᠩᠭᠡᠲᠦ ᠴᠡᠴᠡᠭ ᠤᠨ ᠦᠵᠡᠮᠦᠷᠢ᠂ ᠬᠤᠳᠠᠯᠳᠤᠭᠠᠴᠢᠨ ᠡᠷᠦᠬᠡ ᠶᠢᠨ ᠡᠭᠦᠳᠡᠨ ᠳᠠᠬᠢ ᠲᠠᠪᠤᠨ ᠣᠳᠣᠲᠤ ᠤᠯᠠᠭᠠᠨ ᠲᠤᠭ᠂ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠦᠨᠳᠦᠰᠦᠲᠡᠨ ᠤ ᠠᠷᠠᠳ ᠲᠦᠮᠡᠨ ᠡᠯ᠎ᠡ ᠵᠦᠶᠯ ᠤᠨ ᠬᠡᠯᠪᠡᠷᠢ ᠪᠠᠷ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠭᠰᠡᠨ ᠪᠠᠶᠢᠨ᠎ᠠ᠃       ᠥᠪᠥᠷ ᠮᠣᠩᠭᠤᠯ ᠤᠨ ᠬᠠᠳᠤᠨ ᠭᠤᠤᠯ ᠤᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ᠂ ᠲᠤᠭᠳᠠᠬᠤ ᠰᠢᠶᠠᠨ ᠤ ᠰᠢᠨ ᠯᠢᠶᠠᠨ ᠬᠤᠢ ᠤᠷᠠᠨ ᠪᠢᠴᠢᠯᠭᠡ ᠤᠷᠠᠨ ᠵᠢᠷᠤᠭᠴᠢᠨ᠂ ᠶᠦᠨ ᠵᠦᠩ ᠤᠨ ᠠᠷᠢᠬᠢᠨ ᠦᠢᠯᠡᠰ ᠤᠨ ᠪᠦᠯᠦᠭᠯᠡᠯ ᠤᠨ ᠳᠡᠯᠭᠡᠨ ᠨᠡᠪᠲᠡᠷᠡᠭᠦᠯᠬᠦ ᠲᠢᠩᠬᠢᠮ ᠪᠣᠯᠤᠨ ᠵᠧ ᠵᠢᠶᠠᠨ ᠳ᠋ᠦ᠋ ᠬᠡᠲᠦ ᠳᠡᠯᠭᠡᠭᠦᠷ ᠲᠤ ᠬᠤᠷᠠᠨ ᠴᠤᠭᠯᠠᠷᠠᠵᠤ᠂ ᠪᠢᠷ ᠪᠡᠭᠡ ᠡᠷᠭᠢᠭᠦᠯᠦᠨ᠂ ᠤᠷᠠᠨ ᠵᠢᠷᠤᠭ ᠢᠶᠠᠷ ᠳᠠᠮᠵᠢᠭᠤᠯᠤᠨ ᠡᠬᠡ ᠣᠷᠣᠨ ᠢᠶᠠᠨ ᠬᠠᠶᠢᠷᠠᠯᠠᠵᠤ᠂ ᠨᠤᠲᠤᠭ ᠤᠰᠤ ᠪᠠᠨ ᠬᠠᠶᠢᠷᠠᠯᠠᠵᠤ᠂ ᠤᠯᠤᠰ ᠤᠨ ᠪᠠᠶᠠᠷ ᠲᠤ ᠬᠦᠨᠳᠦ ᠪᠡᠯᠡᠭ ᠬᠦᠷᠭᠡᠵᠡᠶ᠃      ᠲᠣᠭᠲᠠᠬᠤ ᠰᠢᠶᠠᠨ ᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ ᠰᠢᠶᠠᠨ ᠤ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠲᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨ᠎ᠡ ᠬᠤᠪᠢᠰᠬᠠᠯ ᠤᠨ ᠠᠵᠢᠯ ᠳᠤ ᠣᠷᠣᠯᠴᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠠᠷᠬᠠᠭᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ︾ ᠳᠤᠷᠠᠰᠬᠠᠯ ᠤᠨ ᠲᠡᠮᠳᠡᠭ ᠵᠡᠭᠦᠯᠭᠡᠭᠰᠡᠨ ᠪᠥᠭᠡᠳ ᠲᠡᠳᠡᠨ  ᠲᠠᠢ ᠬᠠᠮᠲᠤ ᠭᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠡᠶ᠃ ᠲᠤᠭᠳᠠᠬᠤ ᠰᠢᠶᠠᠨ ᠤ ᠠᠵᠢᠯ ᠠᠴᠠ ᠪᠠᠨ ᠠᠮᠠᠷᠠᠭᠰᠠᠨ ᠺᠠᠳ᠋ᠷ 9 ᠪᠣᠶ᠂ ᠠᠵᠢᠯᠠᠯᠭᠠᠨ ᠤ ᠲᠠᠯᠠᠪᠠᠢ ᠳᠤ ᠮᠤᠷᠢᠯᠠᠨ ᠰᠠᠭᠠᠭᠳᠠᠭᠰᠠᠨ ᠺᠠᠳ᠋ᠷ 6 ᠪᠣᠶ᠂ ᠡᠭᠦᠨ ᠳᠤ ᠬᠠᠮᠤᠭ ᠤᠨ ᠥᠨᠳᠥᠷ ᠨᠢ 95 ᠨᠠᠰᠤᠲᠠᠶ᠂ ᠬᠠᠮᠤᠭ ᠤᠨ ᠪᠠᠭ᠎ᠠ ᠨᠢ 86 ᠨᠠᠰᠤᠲᠠᠶ᠂ ᠳᠤᠮᠳᠠᠴᠢ ᠨᠠᠰᠤ ᠨᠢ 90 ᠰᠢᠬᠠᠮ ᠪᠣᠶ᠃ ᠡᠳᠡᠭᠡᠷ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠥᠳᠡᠯᠭᠡᠭᠡᠨ ᠤ ᠲᠥᠪ ᠲᠤ ᠬᠦᠷᠴᠦ ᠠᠵᠢᠯᠠᠯᠭᠠᠨ ᠳᠤ ᠤᠷᠤᠯᠴᠠᠪᠠ᠃      ᠠᠬᠠᠮᠠᠳ ᠺᠠᠳ᠋ᠷᠴᠤᠳ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠵᠣᠷᠢᠭᠵᠢᠭᠤᠯᠤᠯ ᠳᠤ ᠰᠠᠨᠠᠯ ᠨᠢᠭᠡᠲᠡᠢ ᠲᠠᠯᠠᠷᠬᠠᠵᠤ᠂ ᠦᠷᠭᠦᠯᠵᠢᠯᠡᠨ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠨᠠᠮ ᠤᠨ ᠦᠶᠯᠡᠰ ᠲᠤ ᠦᠨᠡᠨᠴᠢ ᠰᠢᠳᠤᠷᠭᠤ ᠪᠠᠶᠢᠵᠤ᠂ ᠨᠠᠮ ᠤᠨ ᠬᠥᠮᠦᠵᠢᠭᠦᠯᠦᠯ ᠢ ᠡᠭᠦᠷᠢᠳᠡ ᠮᠠᠷᠲᠠᠬᠤ ᠦᠭᠡᠢ᠂ ᠨᠢᠭᠡ ᠨᠠᠰᠤ ᠪᠠᠷ ᠢᠶᠠᠨ ᠨᠠᠮ ᠢᠶᠠᠨ ᠳᠠᠭᠠᠵᠤ᠂ ᠦᠷ᠎ᠡ ᠬᠡᠦᠬᠡᠳ ᠪᠣᠯᠤᠨ ᠳᠡᠷᠭᠡᠳᠡᠬᠢ ᠬᠥᠮᠦᠰ ᠢᠶᠠᠨ ᠬᠥᠮᠦᠵᠢᠭᠦᠯᠦᠨ ᠨᠠᠮ ᠢᠶᠠᠨ ᠬᠠᠶᠢᠷᠠᠯᠠᠵᠤ᠂ ᠤᠯᠤᠰ  ᠢᠶᠠᠨ ᠬᠠᠶᠢᠷᠠᠯᠠᠵᠤ᠂ ᠨᠠᠮ ᠪᠣᠯᠤᠨ ᠤᠯᠤᠰ ᠤᠨ ᠦᠢᠯᠡᠰ ᠤᠨ ᠲᠥᠯᠥᠭᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠬᠠᠯᠠᠭᠤᠨ  ᠢᠶᠠᠷ ᠪᠡᠯᠭᠡᠯᠡᠵᠦ᠂ ᠠᠷᠠᠳ ᠨᠡᠶᠢᠲᠡ ᠶᠢᠨ ᠦᠨᠡᠨᠴᠢ ᠢᠲᠡᠭᠡᠮᠵᠢ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠦᠶᠯᠡᠴᠢᠯᠡᠭᠡᠨ ᠤ ᠠᠵᠢᠯ ᠢ ᠵᠢᠷᠤᠮᠵᠢᠭᠤᠯᠬᠤ ᠶᠢᠨ ᠲᠥᠯᠥᠭᠡ᠂ ᠰᠢᠶᠠᠨ ᠤ ᠮᠥᠩᠭᠦᠨ ᠭᠦᠶᠯᠭᠡᠭᠡᠨ ᠤ ᠠᠯᠪᠠᠨ ᠭᠡᠷ ᠠᠴᠠ ᠳᠤᠮᠳᠠᠳᠤ ᠤᠯᠤᠰ ᠠᠴᠠ ᠠᠷᠠᠳ ᠤᠨ ᠪᠠᠩᠬᠢ ᠶᠢᠨ ᠲᠣᠭᠲᠠᠬᠤ ᠰᠢᠶᠠᠨ ᠤ ᠰᠠᠯᠪᠤᠷᠢ ᠪᠠᠩᠬᠢ ᠲᠠᠢ ᠬᠠᠮᠲᠤᠷᠠᠨ 2019 ᠣᠨ ᠢᠳᠡᠭᠡᠮᠵᠢᠳᠦ ᠲᠣᠭᠲᠠᠬᠤ ︽ᠮᠥᠩᠭᠦᠨ ᠭᠦᠶᠯᠭᠡᠭᠡᠨ ᠤ ᠬᠤᠨᠳᠠᠭᠠᠲᠤ︾ ᠮᠡᠳᠡᠯᠭᠡ ᠶᠢᠨ ᠤᠷᠤᠯᠳᠤᠭᠠᠨ ᠢ ᠬᠠᠮᠲᠤᠷᠠᠨ ᠡᠷᠬᠢᠯᠡᠪᠡ᠃      ᠤᠷᠤᠯᠳᠤᠭᠠᠨ ᠨᠢ ᠵᠠᠪᠠᠯ ᠬᠠᠷᠢᠭᠤᠯᠬᠤ ᠰᠡᠳᠦᠪ᠂ ᠪᠤᠯᠢᠶᠠᠯᠳᠤᠨ ᠬᠠᠷᠢᠭᠤᠯᠬᠤ ᠰᠡᠳᠦᠪ᠂ ᠠᠶᠤᠯ ᠲᠦᠭᠰᠢᠭᠦᠷᠢ  ᠶᠢᠨ ᠰᠡᠳᠦᠪ ᠵᠡᠷᠭᠡ ᠭᠤᠷᠪᠠᠨ ᠵᠦᠶᠯ ᠤᠨ ᠰᠡᠳᠦᠪ ᠤᠳ ᠬᠡᠯᠪᠡᠷᠢ ᠶᠢ ᠲᠣᠬᠢᠷᠠᠭᠤᠯᠵᠤ᠂ ᠡᠭᠦᠨ ᠳᠤ ᠵᠠᠪᠠᠯ ᠬᠠᠷᠢᠭᠤᠯᠬᠤ ᠰᠡᠳᠦᠪ ᠢ ᠪᠠᠰᠠ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ ᠪᠠ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ ᠭᠡᠵᠦ ᠬᠤᠪᠢᠶᠠᠳᠠᠭ᠃ ᠤᠷᠤᠯᠳᠤᠭᠤᠨ ᠳᠤ᠂ ᠣᠷᠣᠯᠴᠠᠭᠰᠠᠳ ᠭᠦᠶᠴᠡᠳ ᠪᠡᠯᠡᠳᠬᠡᠯ ᠬᠢᠵᠦ᠂ ᠰᠡᠳᠦᠪ ᠬᠠᠷᠢᠭᠤᠯᠬᠤ ᠲᠤᠰᠬᠠᠯ ᠨᠢ ᠬᠤᠷᠴᠠ ᠱᠠᠯᠠᠮᠠᠭᠠᠢ ᠪᠠᠶᠢᠵᠤ᠂ ᠤᠷᠤᠯᠳᠤᠭᠠᠨ ᠤ ᠠᠬᠤᠶ ᠲᠠᠯᠠᠪᠠᠢ ᠳᠤ ᠪᠠᠴᠢᠮ ᠶᠠᠭᠠᠷᠠᠯᠲᠠᠶ ᠡᠮᠬᠢ ᠵᠢᠷᠤᠮ ᠲᠠᠢ ᠪᠠᠶᠢᠯ᠎ᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠣᠭᠲᠠᠬᠤ ᠰᠢᠶᠠᠨ ᠤ ᠰᠠᠯᠪᠤᠷᠢ ᠪᠠᠩᠬᠢ ᠨᠢᠭᠡᠳᠦᠭᠡᠷ ᠲᠡᠰ ᠤᠨ ᠱᠠᠩᠨᠠᠯ ᠬᠦᠷᠲᠡᠪᠡ᠃      ᠰᠢᠶᠠᠨ ᠤ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠰᠢᠶᠠᠨ ᠤ ᠲᠠᠪᠤᠳᠤᠭᠠᠷ ᠪᠠᠭ᠎ᠠ ᠰᠤᠷᠭᠠᠭᠤᠯᠢ ᠲᠣᠰ ᠲᠣᠰ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠴᠢ ᠴᠡᠴᠡᠷᠯᠢᠭ ᠪᠠᠶᠢᠭᠤᠯᠤᠭᠰᠠᠨ 32 ᠵᠢᠯ ᠤᠨ ᠣᠢ ᠶᠢ ᠪᠡᠯᠭᠡᠯᠡᠬᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ ᠪᠣᠯᠤᠨ ︽ᠪᠢ ᠡᠬᠡ ᠤᠯᠤᠰ ᠲᠠᠢ ᠪᠠᠨ ᠬᠠᠮᠲᠤ ᠦᠰᠦᠨ ᠪᠣᠶᠢᠵᠢᠵᠤ᠂ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠨ᠎ᠠ︾ ᠭᠡᠬᠦ ᠤᠯᠤᠰ ᠤᠨ ᠪᠠᠶᠠᠷ ᠤᠨ ᠤᠳᠬ᠎ᠠ ᠤᠷᠠᠯᠢᠭ ᠤᠨ ᠲᠣᠭᠯᠠᠯᠲᠠ ᠵᠢᠴᠢ ᠪᠠᠭᠰᠢ ᠶᠢ ᠬᠥᠬᠢᠭᠦᠯᠦᠨ ᠰᠠᠶᠢᠰᠢᠶᠠᠬᠤ ᠬᠤᠷᠠᠯ ᠢ ᠡᠷᠬᠢᠯᠡᠪᠡ᠃      ᠤᠷᠠᠨ ᠰᠠᠶᠢᠬᠠᠨ ᠤ ᠲᠣᠭᠯᠠᠯᠲᠠ ᠶᠢᠨ ᠳᠤᠮᠳᠠ᠂ ᠪᠠᠭᠰᠢ᠂ ᠭᠡᠷ ᠤᠨ ᠠᠬᠠᠮᠠᠳ ᠪᠣᠯᠤᠨ ᠬᠡᠦᠬᠡᠳ ᠤᠳ ᠳᠠᠭᠤᠯᠠᠨ ᠪᠥᠵᠢᠭᠯᠡᠵᠦ᠂ ᠥᠪᠡᠷ ᠤᠨ ᠴᠤᠭ ᠵᠢᠪᠬᠤᠭ᠎ᠠ ᠪᠠᠨ ᠭᠦᠶᠴᠡᠳ ᠢᠯᠡᠷᠡᠭᠦᠯᠵᠦ᠂ ᠠᠭᠤᠯᠠᠨ᠎ᠠ ᠬᠡᠯᠪᠡᠷᠢ ᠨᠢ ᠠᠮᠢᠳᠤᠯᠢᠭ ᠴᠣᠪᠣᠭᠤᠯᠢᠭ᠂ ᠭᠤᠢᠳᠠ ᠰᠠᠢᠬᠠᠨ ᠪᠠᠶᠢᠯ᠎ᠠ᠃      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ︽ᠳᠤᠮᠳᠠᠳᠤ ᠶᠢᠨ ᠬᠦᠰᠡᠯ ᠤᠨ ᠲᠤᠬᠠᠶ ᠬᠠᠮᠲᠤ ᠪᠠᠷ ᠶᠠᠷᠢᠯᠴᠠᠬᠤ︾᠂ ︽ᠬᠠᠮᠤᠭ ᠤᠨ ᠭᠤᠶᠤ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ︾ ᠤ ᠶᠠᠷᠢᠯᠴᠠᠬᠤ ᠬᠤᠷᠠᠯ ᠬᠢᠪᠡ᠃      ᠲᠣᠰ ᠤᠳᠠᠭᠠᠨ ᠤ ︽ᠬᠠᠮᠤᠭ ᠤᠨ ᠭᠤᠶᠤ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ︾ ᠤ ᠰᠢᠯᠭᠠᠷᠠᠭᠤᠯᠤᠨ ᠰᠣᠩᠭᠤᠬᠤ ᠠᠵᠢᠯᠯᠠᠭ᠎ᠠ ᠨᠢ ᠦᠨᠳᠦᠰᠦᠨ ᠱᠠᠲᠤ ᠪᠠᠷ ᠳᠠᠮᠵᠢᠨ ᠲᠣᠰ ᠨᠢᠭᠡᠴᠡ ᠶᠢᠨ ᠢᠶᠠᠨ ᠰᠢᠯᠢᠳᠡᠭ ᠠᠵᠢᠯᠲᠠᠨ ᠠᠵᠢᠯᠲᠠᠨ ᠢ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠳᠤ ᠰᠣᠩᠭᠤᠨ ᠭᠠᠷᠭᠠᠵᠤ᠂ ᠳᠠᠷᠠᠭ᠎ᠠ  ᠨᠢ ᠰᠦᠯᠵᠢᠶ᠎ᠡ ᠪᠠᠷ ᠪᠢᠯᠧᠲ ᠥᠭᠴᠦ᠂ ᠨᠡᠶᠢᠲᠡ 46 ᠠᠵᠢᠯᠲᠠᠨ ᠠᠵᠢᠯᠲᠠᠨ ᠢ ᠰᠣᠩᠭᠤᠨ ᠭᠠᠷᠭᠠᠵᠠᠶ᠂ ᠡᠭᠦᠨ ᠳᠤ᠂ 10 ᠬᠥᠮᠥᠨ ᠨᠢ ︽ᠬᠠᠮᠤᠭ ᠤᠨ ᠭᠤᠶᠤ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ︾ ᠤ ᠢᠷᠠᠭᠤ ᠠᠯᠳᠠᠷ  ᠤᠨ ᠴᠣᠯᠠ ᠬᠦᠷᠲᠡᠵᠦ᠂ 20 ᠬᠥᠮᠥᠨ ᠨᠢ ︽ᠬᠠᠮᠤᠭ ᠤᠨ ᠭᠤᠶᠤ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ︾ ᠤ ᠨᠡᠷ᠎ᠡ ᠳᠤᠷᠠᠳᠤᠭᠰᠠᠨ ᠱᠠᠩᠨᠠᠯ ᠬᠦᠷᠲᠡᠵᠦ᠂ 16 ᠬᠥᠮᠥᠨ ᠨᠢ ︽ᠬᠠᠮᠤᠭ ᠤᠨ ᠭᠤᠶᠤ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ︾ ᠤ ᠬᠦᠷᠢᠶᠡᠨ ᠳᠤ ᠣᠷᠣᠭᠰᠠᠨ ᠱᠠᠩᠨᠠᠯ ᠬᠦᠷᠲᠡᠵᠡᠢ᠃      ᠬᠤᠷᠠᠯ ᠳᠡᠭᠡᠷ᠎ᠡ ᠲᠥᠯᠥᠭᠡᠯᠡᠭᠴᠢᠳ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠤ᠂ ᠥᠪᠡᠷ ᠤᠨ ᠠᠵᠢᠯ ᠲᠠᠢ  ᠪᠠᠨ ᠤᠶᠠᠯᠳᠤᠭᠤᠯᠤᠨ ᠠᠵᠢᠯ ᠦᠶᠯᠡᠰ ᠢᠶᠠᠨ ᠳᠡᠭᠡᠳᠦᠯᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ  ᠶᠢ ᠦᠷᠭᠦᠯᠵᠢᠯᠡᠨ ᠪᠠᠳᠠᠷᠠᠭᠤᠯᠵᠤ᠂ ᠠᠵᠤ ᠠᠬᠤᠢ ᠶᠢᠨ ᠬᠥᠭᠵᠢᠯᠲᠡ ᠳᠤ ᠠᠷᠭ᠎ᠠ ᠤᠬᠠᠭᠠᠨ ᠭᠠᠷᠭᠠᠨ᠎ᠠ ᠭᠡᠵᠦ ᠢᠯᠡᠳᠬᠡᠵᠡᠭᠡᠪᠡ᠃      ᠲᠣᠰ ᠤᠳᠠᠭᠠᠨ ᠤ ᠶᠠᠷᠢᠯᠴᠠᠬᠤ ᠬᠤᠷᠠᠯ ᠨᠢ ᠰᠢᠯᠢᠳᠡᠭ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠪᠠᠨ ᠬᠠᠶᠢᠷᠠᠯᠠᠨ ᠦᠶᠯᠡᠰ ᠢᠶᠠᠨ ᠳᠡᠭᠡᠳᠦᠯᠡᠬᠦ᠂ ᠰᠢᠷᠭᠠᠭᠤ ᠠᠵᠢᠯᠯᠠᠬᠤ᠂ ᠰᠢᠨ᠎ᠡ ᠶᠢ ᠡᠭᠦᠳᠦᠨ ᠦᠶᠯᠡᠰ ᠪᠣᠰᠬᠠᠬᠤ ᠵᠣᠷᠢᠭ ᠰᠠᠨᠠᠭ᠎ᠠ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠤᠯᠠᠮ ᠴᠢᠨᠠᠭᠰᠢᠳᠠ ᠬᠥᠲᠥᠯᠥᠨ ᠵᠢᠯᠣᠭᠤᠳᠴᠤ ᠪᠠᠶᠢᠭᠠᠳ‌ᠦᠯᠢᠭᠡᠷ ᠳᠠᠭᠤᠷᠢᠶᠠᠯ ᠪᠣᠯᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠶ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠡᠷᠡᠯᠬᠡᠭᠯᠡᠨ ᠲᠡᠮᠡᠴᠡᠭᠴᠢ ᠪᠣᠯᠬᠤ ᠪᠠᠷ ᠴᠢᠷᠮᠠᠶᠢᠵᠤ᠂ ᠪᠦᠬᠦ ᠨᠡᠶᠢᠭᠡᠮ ᠳᠤ ᠬᠥᠳᠡᠯᠮᠦᠷᠢ ᠶᠢ ᠬᠦᠨᠳᠦᠳᠬᠡᠬᠦ᠂ ᠬᠥᠳᠡᠯᠮᠦᠷᠢ ᠶᠢ ᠬᠠᠶᠢᠷᠠᠯᠠᠬᠤ᠂ ᠲᠡᠷᠢᠭᠦᠨ ᠤ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠶ᠃      ᠲᠣᠰᠬᠤᠨ ᠤ ᠲᠡᠰ ᠤᠨ ᠰᠣᠶᠣᠯ ᠤᠨ ᠠᠭᠤᠳᠠᠮ ᠲᠠᠯᠠᠪᠠᠢ ᠪᠠ ᠵᠢᠭᠰᠠᠭᠠᠯ ᠤᠨ ᠭᠠᠵᠠᠷ ᠲᠤ ᠬᠥᠷ ᠬᠥᠭᠵᠢᠶᠡᠨ ᠪᠢᠯᠬᠠᠵᠤ᠂ ᠬᠥᠷ ᠬᠥᠭᠵᠢᠶᠡᠨ ᠲᠠᠢ ᠪᠠᠶᠢᠯ᠎ᠠ᠃ ᠮᠠᠨ ᠤ ᠰᠢᠶᠠᠨ ᠤ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ  ᠶᠢᠨ ᠵᠥᠪᠯᠡᠯ ᠤᠨ ᠲᠠᠷᠢᠶᠠᠴᠢᠳ ᠳᠠᠭᠤᠯᠠᠨ ᠪᠥᠵᠢᠭᠯᠡᠵᠦ᠂ ᠥᠪᠡᠷ ᠤᠨ ᠠᠷᠭ᠎ᠠ ᠬᠡᠯᠪᠡᠷᠢ ᠪᠠᠷ ᠢᠶᠠᠨ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠤᠭᠲᠤᠪᠠ᠃  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1