ᠰᠢ ᠶᠢᠨ ᠫᠢᠩ᠄ ᠬᠠᠮᠳᠤ ᠪᠠᠷ ᠪᠦᠯᠬᠦᠮᠳᠡᠨ ᠲᠡᠮᠡᠴᠡᠵᠦ ᠬᠠᠮᠳᠤ ᠪᠠᠷ ᠴᠡᠴᠡᠭᠯᠡᠨ ᠬᠦᠭᠵᠢᠬᠦ ᠶᠢ ᠪᠠᠷᠢᠮᠳᠠᠯᠠᠵᠦ ᠦᠨᠳᠦᠰᠦᠳᠡᠨ ᠨᠦᠭᠦᠳ ᠰᠠᠶᠢᠨ ᠰᠠᠶᠢᠬᠠᠨ ᠭᠡᠷ ᠤᠷᠤᠨ ᠢᠶᠠᠨ ᠬᠠᠮᠳᠤ ᠪᠠᠷ ᠪᠠᠶᠢᠭᠤᠯᠵᠦ ᠰᠠᠶᠢᠨ ᠰᠠᠶᠢᠬᠠᠨ ᠢᠷᠡᠭᠡᠳᠦᠢ ᠪᠠᠨ ᠬᠠᠮᠳᠤ ᠪᠠᠷ ᠴᠤᠬᠴᠠᠯᠠᠬᠤ ᠭᠡᠷᠡᠭᠲᠡᠢ
ᠨᠡᠶᠢᠲᠡᠯᠡᠭᠰᠡᠨ ᠴᠠᠭ᠄
2019-09-30
      ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ 27 ᠤ ᠦᠳᠡ ᠶᠢᠨ ᠡᠮᠦᠨ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠶᠡᠭᠡ ᠬᠤᠷᠠᠯ ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ᠂ ᠦᠨᠳᠦᠰᠦᠳᠡᠨ ᠨᠦᠭᠦᠳ ᠭᠠᠷ ᠭᠠᠷ ᠢᠶᠠᠨ ᠬᠤᠯᠪᠤᠨ᠂ ᠮᠦᠷᠦ ᠵᠡᠷᠭᠡᠴᠡᠨ ᠬᠠᠮᠳᠤ ᠪᠠᠷ ᠴᠢᠷᠮᠠᠶᠢᠨ ᠲᠡᠮᠡᠴᠡᠬᠦ ᠭᠡᠷᠡᠭᠲᠡᠢ᠃ ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠪᠠᠭᠢᠵᠢᠬᠦᠯᠦᠨ ᠴᠢᠩᠭᠠᠳᠬᠠᠬᠤ ᠪᠠᠷ ᠭᠤᠤᠯ ᠰᠢᠵᠢᠮ ᠪᠤᠯᠭᠠᠵᠦ᠂ ᠨᠠᠮ ᠤᠨ ᠦᠨᠳᠦᠰᠦᠳᠡᠨ ᠤ ᠤᠨᠤᠯ ᠪᠠ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠬᠠᠮᠳᠤ ᠪᠠᠷ ᠪᠦᠯᠬᠦᠮᠳᠡᠨ ᠲᠡᠮᠡᠴᠡᠬᠦ᠂ ᠬᠠᠮᠳᠤ ᠪᠠᠷ ᠴᠡᠴᠡᠭᠯᠡᠨ ᠬᠦᠭᠵᠢᠬᠦ ᠶᠢ ᠪᠠᠷᠢᠮᠳᠠᠯᠠᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠰᠠᠭᠤᠷᠢ ᠴᠢᠨᠠᠷᠳᠠᠢ ᠦᠢᠯᠡᠰ ᠪᠤᠯᠭᠠᠨ ᠴᠢᠩᠭ᠎ᠠ ᠰᠠᠶᠢᠳᠤᠷ ᠠᠳᠬᠤᠵᠦ᠂ ᠦᠨᠳᠦᠰᠦᠳᠡᠨ ᠨᠦᠭᠦᠳ ᠠᠨᠠᠷ ᠤᠨ ᠦᠷ᠎ᠠ ᠰᠢᠭ ᠪᠦᠯᠬᠦᠮᠳᠡᠨ ᠨᠢᠬᠳᠠᠷᠠᠵᠤ᠂ ᠳᠤᠮᠳᠠᠳᠤ ᠶᠢᠨ ᠦᠨᠳᠦᠰᠦᠳᠡᠨ ᠪᠠᠭᠳᠠᠭᠠᠮᠵᠢᠳᠦ ᠴᠢᠨᠠᠷ ᠢᠶᠠᠷ ᠨᠡᠩ ᠴᠢᠩᠭ᠎ᠠ᠂ ᠨᠢᠬᠳᠠᠷᠠᠭᠤᠯᠬᠤ ᠬᠦᠴᠦᠨ ᠨᠡᠩ ᠶᠡᠭᠡ ᠬᠤᠪᠢ ᠵᠠᠶᠠᠭᠠᠨ ᠤ ᠬᠠᠮᠳᠦ ᠶᠢᠨ ᠴᠤᠬᠴᠠ ᠲᠡᠶᠢᠰᠢ ᠤᠷᠤᠬᠰᠢᠯᠠᠬᠤ ᠶᠢ ᠠᠬᠢᠭᠤᠯᠵᠦ᠂ ᠰᠠᠶᠢᠨ ᠰᠠᠶᠢᠬᠠᠨ ᠭᠡᠷ ᠤᠷᠤᠨ ᠢᠶᠠᠨ ᠬᠠᠮᠳᠤ ᠪᠠᠷ ᠪᠦᠳᠦᠭᠡᠨ ᠪᠠᠶᠢᠭᠤᠯᠵᠦ᠂ ᠰᠠᠶᠢᠨ ᠰᠠᠶᠢᠬᠠᠨ ᠢᠷᠡᠭᠡᠳᠦᠢ ᠪᠠᠨ ᠬᠠᠮᠳᠤ ᠪᠠᠷ ᠴᠤᠬᠴᠠᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠶᠡᠭᠡ ᠬᠤᠷᠠᠯ ᠢ ᠯᠢ ᠺᠧ ᠴᠢᠶᠠᠩ ᠡᠷᠬᠢᠯᠡᠪᠡ᠃ ᠸᠠᠩ ᠶᠠᠩ᠂ ᠸᠠᠩ ᠬᠤ ᠨᠢᠩ᠂ ᠵᠤᠤ ᠯᠧ ᠵᠢᠢ᠂ ᠬᠠᠨ ᠵᠧᠩ ᠬᠤᠷᠠᠯ ᠳᠤ ᠤᠷᠤᠯᠴᠠᠵᠠᠢ᠃ᠦᠳᠡ ᠶᠢᠨ ᠡᠮᠦᠨᠡᠬᠢ 10 ᠴᠠᠭ ᠲᠤ᠂ ᠶᠡᠭᠡ ᠬᠤᠷᠠᠯ ᠡᠬᠢᠯᠡᠵᠦ᠂ ᠪᠦᠬᠦᠳᠡᠭᠡᠷ ᠢᠶᠠᠨ ᠪᠤᠰᠴᠦ ᠵᠤᠬᠰᠤᠨ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠠ ᠳᠠᠭᠤᠤ ᠶᠢ ᠳᠠᠭᠤᠯᠠᠵᠠᠢ᠃      ᠶᠡᠭᠡ ᠬᠤᠷᠠᠯ ᠳᠡᠭᠡᠷ᠎ᠠ ᠡᠩ ᠲᠡᠷᠢᠭᠦᠨ ᠳᠤ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠳᠤ ᠪᠠ ᠵᠢᠱᠢᠶᠡᠴᠢ ᠬᠤᠪᠢ ᠬᠦᠮᠦᠨ ᠢ ᠬᠦᠬᠢᠬᠦᠯᠵᠦ᠂ 665 ᠵᠢᠱᠢᠶᠡᠴᠢ ᠬᠠᠮᠳᠦ᠂ 812 ᠵᠢᠱᠢᠶᠡᠴᠢ ᠬᠤᠪᠢ ᠬᠦᠮᠦᠨ ᠬᠦᠬᠢᠬᠦᠯᠦᠯ ᠬᠦᠷᠳᠡᠵᠡᠢ᠃ ᠪᠠᠶᠠᠰᠬᠤᠯᠠᠩᠳᠦ ᠠᠶᠠᠰ ᠤᠨ ᠳᠤᠮᠳᠠ᠂ ᠰᠢ ᠶᠢᠨ ᠫᠢᠩ ᠨᠠᠷ ᠵᠢᠱᠢᠶᠡᠴᠢ ᠬᠠᠮᠳᠦ ᠪᠠ ᠵᠢᠱᠢᠶᠡᠴᠢ ᠬᠤᠪᠢ ᠬᠦᠮᠦᠨ ᠤ ᠲᠦᠯᠦᠭᠡᠯᠡᠭᠴᠢᠳ ᠲᠤ ᠱᠠᠩᠨᠠᠯ ᠭᠠᠷᠳᠠᠭᠤᠯᠪᠠ᠃      ᠬᠠᠯᠠᠭᠤᠨ ᠠᠯᠠᠭ᠎ᠠ ᠲᠠᠰᠢᠯᠳᠠ ᠪᠠᠷ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ ᠡᠩ ᠲᠡᠷᠢᠬᠦᠨ ᠳᠤ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠠ ᠠᠴᠠ ᠬᠦᠬᠢᠬᠦᠯᠦᠭᠳᠡᠨ ᠰᠠᠶᠢᠰᠢᠶᠠᠬᠳᠠᠭᠰᠠᠨ ᠵᠢᠱᠢᠶᠡᠴᠢ ᠬᠠᠮᠳᠦ ᠪᠠ ᠬᠤᠪᠢ ᠬᠦᠮᠦᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠤᠯᠤᠰ ᠤᠨ ᠦᠨᠳᠦᠰᠦᠳᠡᠨ ᠤ ᠠᠵᠢᠯ ᠤᠨ ᠹᠷᠤᠨᠲ ᠤᠨ ᠨᠦᠬᠦᠳ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠬᠠᠯᠠᠮᠵᠢᠯᠠᠨ ᠲᠡᠮᠵᠢᠵᠦ ᠪᠠᠶᠢᠭ᠎ᠠ ᠡᠯ᠎ᠠ ᠡᠳᠡᠭᠡᠳ ᠤᠨ ᠬᠦᠮᠤᠰ ᠲᠤ ᠴᠢᠩ ᠰᠡᠳᠬᠢᠯ ᠤᠨ ᠮᠡᠨᠳᠤᠴᠢᠯᠡᠯ ᠲᠡᠪᠰᠢᠭᠦᠯᠵᠠᠢ᠃      ᠰᠢ ᠶᠢᠨ ᠫᠢᠩ᠂ 70 ᠵᠢᠯ ᠤᠨ ᠡᠮᠦᠨ᠎ᠠ᠂ ᠮᠠᠨ ᠤ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠳᠤᠤᠷ᠎ᠠ ᠰᠢᠨ᠎ᠠ ᠳᠤᠮᠳᠠᠳᠤ ᠤᠯᠤᠰ ᠢ ᠬᠠᠮᠳᠤ ᠪᠠᠷ ᠴᠤᠬᠴᠠᠯᠠᠨ ᠪᠠᠶᠢᠭᠤᠯᠪᠠ᠃ ᠮᠠᠨ ᠤ ᠨᠠᠮ ᠮᠠᠷᠺᠰ ᠤᠨ ᠦᠵᠡᠯ ᠤᠨ ᠦᠨᠳᠦᠰᠦᠳᠡᠨ ᠤ ᠤᠨᠤᠯ ᠢ ᠳᠤᠮᠳᠠᠳᠤ ᠤᠯᠤᠰ ᠤᠨ ᠦᠨᠳᠦᠰᠦᠳᠡᠨ ᠤ ᠠᠰᠠᠭᠤᠳᠠᠯ ᠤᠨ ᠪᠤᠳᠠᠳᠠᠢ ᠪᠠᠶᠢᠳᠠᠯ ᠲᠠᠢ ᠪᠦᠳᠦᠭᠡᠯᠴᠢ ᠪᠠᠷ ᠤᠶᠠᠯᠳᠤᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠵᠠᠮ ᠢᠶᠠᠷ ᠵᠠᠮᠨᠠᠵᠦ᠂ ᠨᠠᠮ ᠤᠨ ᠦᠨᠳᠦᠰᠦᠳᠡᠨ ᠤ ᠤᠨᠤᠯ ᠪᠠ ᠦᠨᠳᠦᠰᠦᠳᠡᠨ ᠤ ᠲᠦᠷᠦ ᠶᠢᠨ ᠪᠤᠳᠤᠯᠭ᠎ᠠ ᠲᠤᠭᠳᠠᠭᠠᠨ ᠂ ᠦᠨᠳᠦᠰᠦᠳᠡᠨ ᠤ ᠡᠷᠭᠡ ᠲᠡᠭᠰᠢ ᠶᠢ ᠤᠯᠤᠰ ᠪᠠᠶᠢᠭᠤᠯᠬᠤ ᠶᠢᠨ ᠦᠨᠳᠦᠰᠦᠨ ᠵᠠᠷᠴᠢᠮ ᠤᠨ ᠨᠢᠭᠡ ᠪᠤᠯᠭᠠᠵᠦ᠂ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠲᠤᠭᠳᠠᠭᠠᠨ᠂ ᠦᠨᠳᠦᠰᠦᠳᠡᠨ ᠨᠦᠭᠦᠳ ᠤᠨ ᠠᠷᠠᠳ ᠲᠦᠮᠡᠨ ᠲᠡᠦᠭᠡᠨ ᠳᠤ ᠠᠩᠬ᠎ᠠ ᠤᠳᠠᠭ᠎ᠠ ᠡᠷᠭᠡ ᠲᠡᠭᠰᠢ ᠤᠯᠤᠰ ᠲᠦᠷᠦ ᠶᠢᠨ ᠡᠷᠭᠡ ᠶᠢ ᠤᠯᠵᠦ᠂ ᠬᠠᠮᠳᠤ ᠪᠠᠷ ᠡᠷᠭᠡ ᠮᠡᠳᠡᠨ ᠡᠵᠡᠨ ᠰᠠᠭᠤᠵᠦ᠂ ᠬᠠᠭᠤᠴᠢᠨ ᠳᠤᠮᠳᠠᠳᠤ ᠤᠯᠤᠰ ᠤᠨ ᠦᠨᠳᠦᠰᠦᠳᠡᠨ ᠤ ᠳᠠᠷᠤᠯᠠᠯ᠂ ᠵᠦᠷᠢᠴᠡᠯ ᠮᠦᠷᠭᠦᠯᠳᠦᠭᠡᠨ ᠲᠠᠢ ᠵᠤᠪᠠᠯᠠᠩᠲᠤ ᠲᠡᠦᠭᠡ ᠶᠢ ᠡᠴᠦᠰᠯᠡᠬᠦᠯᠦᠨ᠂ ᠦᠨᠳᠦᠰᠦᠳᠡᠨ ᠨᠦᠭᠦᠳ ᠡᠷᠭᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠤᠬᠢᠴᠠᠩᠭᠤᠢ ᠬᠠᠷᠢᠴᠠᠭ᠎ᠠ ᠶᠢ ᠬᠦᠭᠵᠢᠬᠦᠯᠦᠭᠰᠡᠨ ᠰᠢᠨ᠎ᠠ ᠡᠷᠢᠨ ᠢ ᠨᠡᠭᠡᠭᠡᠵᠡᠢ᠃ 70 ᠵᠢᠯ ᠤᠨ ᠬᠦᠭᠵᠢᠯ ᠬᠤᠪᠢᠰᠤᠯ᠂ ᠦᠷᠨᠢᠭᠦᠨ ᠬᠦᠭᠵᠢᠯᠳᠡ ᠪᠠᠷ ᠳᠠᠮᠵᠢᠵᠦ᠂ ᠴᠦᠭᠡᠨ ᠲᠤᠭᠠᠳᠦ ᠦᠨᠳᠦᠰᠦᠳᠡᠨ ᠤ ᠲᠦᠷᠰᠦ ᠪᠠᠶᠢᠳᠠᠯ᠂ ᠦᠨᠳᠦᠰᠦᠳᠡᠨ ᠤ ᠭᠠᠵᠠᠷ ᠤᠷᠤᠨ ᠤ ᠲᠦᠷᠰᠦ ᠪᠠᠶᠢᠳᠠᠯ᠂ ᠦᠨᠳᠦᠰᠦᠳᠡᠨ ᠤ ᠬᠠᠷᠢᠴᠠᠭᠠᠨ ᠤ ᠲᠦᠷᠰᠦ ᠪᠠᠶᠢᠳᠠᠯ᠂ ᠳᠤᠮᠳᠠᠳᠤ ᠶᠢᠨ ᠦᠨᠳᠦᠰᠦᠳᠡᠨ ᠤ ᠲᠦᠷᠰᠦ ᠪᠠᠶᠢᠳᠠᠯ ᠳᠤ ᠴᠦᠮ ᠲᠡᠭᠷᠢ ᠭᠠᠵᠠᠷ ᠢ ᠲᠤᠩᠰᠤᠯᠭᠠᠮ᠎ᠠ ᠲᠡᠦᠭᠡᠳᠦ ᠴᠢᠨᠠᠷᠳᠠᠢ ᠯᠤᠳᠤ ᠶᠡᠭᠡ ᠬᠤᠪᠢᠷᠠᠯᠳᠠ ᠭᠠᠷᠴᠠᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ 70 ᠵᠢᠯ ᠤᠨ ᠠᠮᠵᠢᠯᠳᠠ ᠪᠦᠳᠦᠮᠵᠢ ᠤᠮᠤᠬᠰᠢᠨ ᠪᠠᠭ᠋ᠠᠳᠤᠭᠤᠰᠢᠲᠠᠢ᠂ 70 ᠵᠢᠯ ᠤᠨ ᠲᠤᠷᠰᠢᠯᠭ᠎ᠠ ᠶᠢ ᠨᠡᠩ ᠴᠦ ᠴᠡᠭᠡᠵᠢᠨ ᠳᠡᠭᠡᠨ ᠬᠠᠳᠠᠩᠰᠢᠭᠤᠯᠤᠭᠤᠰᠢᠲᠠᠢ᠃ ᠪᠢᠳᠠ ᠮᠠᠨ ᠤ ᠤᠯᠤᠰ ᠤᠨ ᠨᠢᠭᠡᠳᠦᠭᠰᠡᠨ ᠤᠯᠠᠨ ᠦᠨᠳᠦᠰᠦᠳᠡᠨ ᠲᠠᠢ ᠤᠯᠤᠰ ᠤᠨ ᠦᠨᠳᠦᠰᠦᠨ ᠤᠯᠤᠰ ᠤᠨ ᠪᠠᠶᠢᠳᠠᠯ ᠢ ᠤᠨᠤᠪᠴᠢᠳᠠᠢ ᠡᠵᠡᠮᠳᠡᠬᠦ ᠶᠢ ᠪᠠᠷᠢᠮᠳᠠᠯᠠᠵᠦ᠂ ᠤᠯᠤᠰ ᠤᠨ ᠨᠢᠭᠡᠳᠦᠯ ᠪᠠ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ ᠪᠠᠷ ᠦᠨᠳᠦᠰᠦᠳᠡᠨ ᠨᠦᠭᠦᠳ ᠤᠨ ᠬᠠᠮᠤᠭ ᠤᠨ ᠳᠡᠭᠡᠳᠦ ᠠᠰᠢᠬ ᠲᠤᠰᠠ ᠪᠠᠨ ᠪᠤᠯᠭᠠᠪᠠ︔ ᠮᠠᠷᠺᠰ ᠤᠨ ᠦᠵᠡᠯ ᠤᠨ ᠦᠨᠳᠦᠰᠦᠳᠡᠨ ᠤ ᠤᠨᠤᠯ ᠢ ᠳᠤᠮᠳᠠᠳᠤ ᠤᠯᠤᠰᠴᠢᠯᠠᠬᠤ ᠶᠢ ᠪᠠᠷᠢᠮᠳᠠᠯᠠᠵᠦ᠂ ᠳᠤᠮᠳᠠᠳᠤ ᠤᠯᠤᠰ ᠤᠨ ᠤᠨᠴᠠᠯᠢᠬ ᠲᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠵᠠᠮ ᠢᠶᠠᠷ ᠡᠷᠡᠰ ᠪᠠᠳᠤ ᠵᠠᠮᠨᠠᠪᠠ︔ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠳᠡᠬᠦᠯᠳᠡᠷᠵᠢᠬᠦᠯᠵᠦ᠂ ᠨᠢᠭᠡᠳᠦᠯ ᠲᠠᠢ ᠪᠠᠶᠢᠬᠤ ᠪᠠ ᠦᠪᠡᠷᠲᠡᠭᠡᠨ ᠵᠠᠰᠠᠬᠤ ᠶᠢ ᠤᠶᠠᠯᠳᠤᠭᠤᠯᠬᠤ᠂ ᠦᠨᠳᠦᠰᠦᠳᠡᠨ ᠤ ᠡᠯᠧᠮᠧᠨ᠋ᠲ ᠪᠠ ᠭᠠᠵᠠᠷ ᠤᠷᠤᠨ ᠤ ᠡᠯᠧᠮᠧᠨ᠋ᠲ ᠢ ᠤᠶᠠᠯᠳᠤᠭᠤᠯᠬᠤ ᠶᠢ ᠪᠠᠶᠡᠯᠡᠬᠦᠯᠪᠡ︔ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ ᠶᠢ ᠪᠠᠷᠢᠮᠳᠠᠯᠠᠵᠦ᠂ ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠳᠠᠰᠤᠷᠠᠯᠳᠠ ᠦᠭᠡᠢ ᠪᠠᠬᠢᠵᠢᠭᠦᠯᠤᠨ ᠴᠢᠩᠭᠠᠳᠬᠠᠪᠠ︔ ᠴᠦᠭᠡᠨ ᠲᠤᠭᠠᠳᠦ ᠦᠨᠳᠦᠰᠦᠳᠡᠨ ᠪᠠ ᠦᠨᠳᠦᠰᠦᠳᠡᠨ ᠤ ᠭᠠᠵᠠᠷ ᠤᠷᠤᠨ ᠤ ᠬᠦᠭᠵᠢᠯᠳᠠ ᠶᠢ ᠲᠦᠷᠭᠡᠳᠭᠡᠬᠦ ᠶᠢ ᠪᠠᠷᠢᠮᠳᠠᠯᠠᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠳᠠᠰᠤᠷᠠᠯᠳᠠ ᠦᠭᠡᠢ ᠬᠠᠩᠭᠠᠪᠠ︔ ᠰᠤᠶᠤᠯ ᠤᠨ ᠬᠠᠮᠳᠦ ᠶᠢᠨ ᠲᠠᠨᠢᠯᠳᠠ ᠪᠤᠯ ᠬᠠᠮᠤᠬ ᠤᠨ ᠬᠦᠨ ᠳᠠᠪᠬᠤᠷᠭ᠎ᠠ ᠶᠢᠨ ᠬᠠᠮᠳᠦ ᠶᠢᠨ ᠲᠠᠨᠢᠯᠳᠠ ᠪᠤᠯᠬᠤ ᠶᠢ ᠪᠠᠷᠢᠮᠳᠠᠯᠠᠵᠦ᠂ ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠤᠶᠤᠨ ᠰᠠᠨᠠᠭᠠᠨ ᠤ ᠭᠡᠷ ᠤᠷᠤᠨ ᠢ ᠴᠤᠬᠴᠠᠯᠠᠨ ᠪᠠᠶᠢᠭᠤᠯᠪᠠ︔ ᠦᠨᠳᠦᠰᠦᠳᠡᠨ ᠨᠦᠭᠦᠳ ᠬᠠᠤᠯᠢ ᠴᠠᠭᠠᠵᠠ ᠶᠢᠨ ᠡᠮᠦᠨ᠎ᠠ ᠪᠦᠷ ᠡᠷᠭᠡ ᠲᠡᠭᠰᠢ ᠪᠠᠶᠢᠬᠤ ᠶᠢ ᠪᠠᠷᠢᠮᠳᠠᠯᠠᠵᠦ᠂ ᠬᠠᠤᠯᠢ ᠴᠠᠭᠠᠵᠠ ᠪᠠᠷ ᠦᠨᠳᠦᠰᠦᠳᠡᠨ ᠤ ᠪᠦᠯᠬᠦᠮᠳᠡᠯ ᠢ ᠪᠠᠳᠤᠯᠠᠪᠠ︔ ᠤᠯᠠᠮᠵᠢᠯᠠᠬᠤ ᠶᠠᠪᠤᠴᠠ ᠳᠤ ᠬᠦᠭᠵᠢᠬᠦᠯᠬᠦ᠂ ᠬᠦᠭᠵᠢᠬᠦᠯᠬᠦ ᠶᠠᠪᠤᠴᠠ ᠳᠤ ᠰᠢᠨ᠎ᠠ ᠶᠢ ᠡᠬᠦᠳᠬᠦ ᠶᠢ ᠪᠠᠷᠢᠮᠳᠠᠯᠠᠵᠦ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠯᠠᠮᠵᠢᠯᠠᠯ ᠨᠢᠭᠡᠳᠠᠢ ᠪᠤᠯᠭᠠᠬᠤ ᠶᠢᠨ ᠬᠠᠮᠳᠦ ᠴᠠᠭ ᠦᠶ᠎ᠠ ᠶᠢ ᠲᠠᠭᠠᠨ ᠪᠦᠬᠦ ᠲᠠᠯ᠎ᠠ ᠪᠠᠷ ᠤᠷᠤᠬᠰᠢᠯᠠᠭᠤᠯᠪᠠ︔ ᠦᠨᠳᠦᠰᠦᠳᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠳᠠᠯᠠᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠬᠦᠭᠵᠢᠯᠳᠠ ᠶᠢ ᠠᠬᠢᠭᠤᠯᠬᠤ ᠪᠠᠶᠢᠭᠤᠯᠤᠮᠵᠢ ᠲᠤᠬᠳᠠᠴᠠ ᠶᠢ ᠳᠠᠰᠤᠷᠠᠯᠳᠠ ᠦᠭᠡᠢ ᠪᠦᠷᠢᠨᠰᠢᠬᠦᠯᠪᠡ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠮᠠᠨ ᠤ ᠠᠭᠤᠤ ᠶᠡᠭᠡ ᠡᠭᠡ ᠤᠯᠤᠰ᠂ ᠨᠤᠳᠤᠭ ᠲᠡᠪᠢᠰᠭᠡᠷ ᠦᠷᠭᠡᠨ ᠠᠭᠤᠳᠠᠮ᠂ ᠦᠨᠢ ᠤᠳᠠᠭᠠᠨ ᠤ ᠪᠤᠯᠪᠠᠰᠤᠨ ᠲᠡᠤᠬᠡ ᠲᠠᠢ ᠶᠤᠮ᠃ ᠳᠤᠮᠳᠠᠳᠤ ᠤᠯᠤᠰ ᠤᠨ ᠲᠡᠦᠭᠡ ᠪᠤᠯ ᠦᠨᠳᠦᠰᠦᠳᠡᠨ ᠨᠦᠭᠦᠳ ᠠᠭᠤᠰᠤᠯᠴᠠᠵᠦ ᠤᠯᠠᠨ ᠡᠰᠢᠵᠢᠨ ᠨᠢᠭᠡ ᠴᠤᠬᠴᠠᠵᠢᠭᠰᠠᠨ ᠳᠤᠮᠳᠠᠳᠤ ᠶᠢᠨ ᠦᠨᠳᠦᠰᠦᠳᠡᠨ ᠤ ᠲᠡᠦᠭᠡ ᠮᠦᠨ᠂ ᠦᠨᠳᠦᠰᠦᠳᠡᠨ ᠨᠦᠭᠦᠳ ᠤᠨ ᠬᠠᠮᠳᠤ ᠪᠠᠷ ᠪᠠᠶᠢᠭᠤᠯᠵᠤ᠂ ᠬᠦᠭᠵᠢᠬᠦᠯᠵᠦ᠂ ᠪᠠᠬᠢᠵᠢᠬᠦᠯᠦᠭᠰᠡᠨ ᠨᠢᠭᠡᠳᠦᠭᠰᠡᠨ ᠠᠭᠤᠤ ᠶᠡᠭᠡ ᠡᠭᠡ ᠤᠯᠤᠰ ᠤᠨ ᠲᠡᠦᠭᠡ ᠮᠦᠨ᠃ ᠮᠠᠨ ᠤ ᠦᠷᠭᠡᠨ ᠠᠭᠤᠳᠠᠮ ᠨᠤᠳᠤᠭ ᠲᠡᠪᠢᠰᠭᠡᠷ ᠢ ᠦᠨᠳᠦᠰᠦᠳᠡᠨ ᠨᠦᠭᠦᠳ ᠬᠠᠮᠳᠤ ᠪᠠᠷ ᠨᠡᠭᠡᠭᠡᠭᠰᠡᠨ ᠶᠤᠮ᠂ ᠮᠠᠨ ᠤ ᠦᠨᠢ ᠤᠳᠠᠭᠠᠨ ᠲᠡᠦᠬᠡ ᠶᠢ ᠦᠨᠳᠦᠰᠦᠳᠡᠨ ᠨᠦᠭᠦᠳ ᠬᠠᠮᠳᠤ ᠪᠠᠷ ᠪᠢᠴᠢᠭᠯᠡᠭᠰᠡᠨ ᠶᠤᠮ᠂ ᠮᠠᠨ ᠤ ᠭᠡᠷᠡᠯ ᠰᠠᠴᠤᠷᠠᠩᠭᠤᠢ ᠰᠤᠶᠤᠯ ᠢ ᠦᠨᠳᠦᠰᠦᠳᠡᠨ ᠨᠦᠭᠦᠳ ᠬᠠᠮᠳᠤ ᠪᠠᠷ ᠡᠭᠦᠳᠦᠭᠰᠡᠨ ᠶᠤᠮ᠂ ᠮᠠᠨ ᠤ ᠠᠭᠤᠤ ᠶᠡᠭᠡ ᠵᠤᠷᠢᠭ ᠰᠠᠨᠠᠭ᠎ᠠ ᠶᠢ ᠦᠨᠳᠦᠰᠦᠳᠡᠨ ᠨᠦᠭᠦᠳ ᠬᠠᠮᠳᠤ ᠪᠠᠷ ᠪᠤᠶᠢᠵᠢᠭᠤᠯᠤᠭᠰᠠᠨ ᠶᠤᠮ᠃ ᠳᠤᠮᠳᠠᠳᠤ ᠶᠢᠨ ᠦᠨᠳᠦᠰᠦᠳᠡᠨ ᠤ ᠤᠯᠠᠨ ᠡᠰᠢᠵᠢᠭᠰᠡᠨ ᠨᠢᠭᠡ ᠴᠤᠬᠴᠠ ᠪᠤᠯ ᠤᠷᠢᠳᠤᠰ ᠤᠨ ᠪᠢᠳᠡᠨ ᠳᠤ ᠦᠯᠡᠳᠡᠭᠡᠵᠦ ᠦᠭᠬᠦᠭᠰᠡᠨ ᠡᠷᠬᠢᠮ ᠨᠠᠨᠳᠢᠨ ᠦᠪ ᠬᠦᠷᠦᠩᠭᠡ ᠪᠤᠯᠬᠤ ᠶᠤᠮ᠂ ᠪᠠᠰᠠ ᠴᠤ ᠮᠠᠨ ᠤ ᠤᠯᠤᠰ ᠤᠨ ᠬᠦᠭᠵᠢᠯᠳᠠ ᠶᠢᠨ ᠯᠤᠳᠤ ᠶᠡᠭᠡ ᠲᠠᠪᠠᠭᠤᠯᠢᠭ ᠪᠤᠯᠤᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠪᠠ ᠂ ᠳᠤᠮᠳᠠᠳᠤ ᠶᠢᠨ ᠦᠨᠳᠦᠰᠦᠳᠡᠨ ᠴᠦ ᠲᠡᠤᠬᠡᠨ ᠲᠡᠭᠡᠷᠡᠬᠢ ᠬᠠᠮᠤᠭ ᠤᠨ ᠰᠠᠶᠢᠨ ᠬᠦᠭᠵᠢᠯᠳᠠ ᠶᠢᠨ ᠬᠤᠭᠤᠴᠠᠭ᠎ᠠ ᠶᠢ ᠤᠬᠳᠤᠨ ᠠᠪᠴᠠᠢ᠃ ᠡᠬᠦᠨ ᠤ ᠵᠡᠷᠭᠡ ᠪᠠᠷ᠂ ᠨᠠᠷᠢᠨ ᠪᠤᠳᠤᠯᠢᠶᠠᠨᠳᠠᠢ ᠤᠯᠤᠰ ᠤᠨ ᠳᠤᠳᠤᠭᠠᠳᠦ ᠭᠠᠳᠠᠭᠠᠳᠦ ᠶᠢᠨ ᠪᠠᠶᠢᠳᠠᠯ ᠤᠨ ᠡᠮᠦᠨ᠎ᠠ᠂ ᠪᠢᠳᠠ ᠨᠡᠩ ᠴᠦ ᠪᠦᠯᠬᠦᠮᠳᠡᠨ ᠨᠢᠭᠡᠳᠴᠦ᠂ ᠬᠦᠴᠦ ᠪᠠᠨ ᠨᠢᠬᠳᠠᠷᠠᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠵᠠᠮ ᠢᠶᠠᠷ ᠡᠷᠡᠰ ᠪᠠᠲᠤ ᠵᠡᠮᠨᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠯᠡ ᠰᠠᠶᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠪᠡᠶᠡᠯᠡᠭᠦᠯᠵᠤ ᠴᠢᠳᠠᠨ᠎ᠠ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠯᠡ ᠰᠠᠶᠢ ᠦᠨᠳᠦᠰᠦᠲᠡᠨ ᠨᠦᠭᠦᠳ ᠢ ᠨᠢᠬᠲᠠᠷᠠᠭᠤᠯᠵᠤ᠂ ᠦᠨᠳᠦᠰᠦᠲᠡᠨ ᠨᠦᠭᠦᠳ ᠢ ᠬᠦᠭᠵᠢᠭᠦᠯᠵᠦ᠂ ᠦᠨᠳᠦᠰᠦᠲᠡᠨ ᠨᠦᠭᠦᠳ ᠢ ᠴᠡᠴᠡᠭᠯᠡᠭᠦᠯᠵᠦ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠵᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠤᠨᠤᠯ ᠪᠤᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠵᠢᠴᠢ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠯ᠎ᠠ ᠲᠦᠷᠦᠯ ᠤᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠠᠵᠢᠯᠯᠠᠭ᠎ᠠ ᠶᠢ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠲᠦᠯᠲᠡᠢ ᠪᠠᠶᠢᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠤᠶᠤᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠲᠤᠬᠠᠢ ᠬᠠᠮᠳᠦ ᠶᠢᠨ ᠲᠠᠨᠢᠯᠳᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠤᠯᠭᠠᠵᠤ᠂ ᠴᠦᠬᠡᠨ ᠲᠤᠭᠠᠳᠤ ᠦᠨᠳᠦᠰᠦᠲᠡᠨ ᠪᠤᠯᠤᠨ ᠦᠨᠳᠦᠰᠦᠲᠡᠨ ᠤ ᠭᠠᠵᠠᠷ ᠤᠷᠤᠨ ᠤ ᠪᠦᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ ᠤᠳᠤᠬᠢᠴᠢᠯᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠪᠤᠯ ᠲᠤᠮᠤ ᠭᠡᠷ ᠪᠦᠯᠢ ᠮᠦᠨ᠂ ᠭᠡᠷ ᠬᠤᠳᠠᠯᠠᠭᠠᠷ ᠢᠶᠠᠨ ᠪᠦᠷ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠬᠡᠷᠡᠭᠲᠡᠢ᠃ ᠴᠦᠬᠡᠨ ᠲᠤᠭᠠᠲᠤ ᠦᠨᠳᠦᠰᠦᠲᠡᠨ ᠪᠤᠯᠤᠨ ᠦᠨᠳᠦᠰᠦᠲᠡᠨ ᠤ ᠭᠠᠵᠠᠷ ᠤᠷᠤᠨ ᠤ ᠬᠦᠭᠵᠢᠯᠲᠡ ᠶᠢ ᠲᠦᠷᠭᠡᠳᠭᠡᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠳᠡᠩᠴᠡᠬᠦᠷᠢᠰᠢᠬᠦᠯᠬᠦ ᠶᠢ ᠠᠬᠢᠭᠤᠯᠵᠤ᠂ ︽ᠬᠦᠬᠡᠮᠳᠦᠭ ᠨᠤᠭᠤᠭᠠᠨ ᠠᠭᠤᠯᠠ ᠤᠰᠤ︾ ᠶᠢ ︽ᠠᠯᠲᠠ ᠮᠦᠡᠭᠭᠦᠨ ᠠᠭᠤᠯᠠ︾ ᠪᠤᠯᠭᠠᠨ ᠬᠤᠪᠢᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠭᠡᠷᠡᠴᠢᠯᠡᠯᠲᠡ ᠬᠦᠭᠵᠢᠯᠲᠡ ᠶᠢᠨ ᠦᠷ᠎ᠠ ᠪᠦᠲᠦᠭᠡᠯ ᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠴᠤᠬᠴᠠᠯᠠᠵᠤ᠂ ᠳᠤᠮᠳᠠᠳᠤ ᠶᠢᠨ ᠦᠨᠳᠦᠰᠦᠲᠡᠨ ᠤ ᠰᠢᠨ᠎ᠠ ᠢᠷᠠᠭᠤ ᠠᠯᠳᠠᠷ ᠪᠠ ᠬᠦᠰᠡᠯ ᠵᠡᠭᠦᠳᠦ ᠶᠢ ᠬᠠᠮᠲᠤ ᠪᠠᠷ ᠡᠳ᠋ᠯᠡᠬᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠡᠶᠢᠭᠡᠮ ᠵᠢᠷᠦᠮ ᠤᠨ ᠭᠤᠤᠯᠯᠠᠬᠴᠢ ᠦᠷᠲᠡᠭ ᠤᠨ ᠦᠵᠡᠯᠲᠡ ᠪᠠᠷ ᠵᠢᠯᠤᠭᠤᠳᠤᠮᠵᠢ ᠪᠤᠯᠭᠠᠵᠤ ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠ ᠨᠡᠶᠢᠭᠡᠮ ᠵᠢᠷᠦᠮ ᠤᠨ ᠭᠤᠤᠯᠯᠠᠬᠴᠢ ᠦᠷᠲᠡᠭ ᠤᠨ ᠦᠵᠡᠯᠲᠡ ᠶᠢᠨ ᠬᠦᠮᠦᠵᠢᠯ ᠢ ᠴᠢᠩᠭᠠᠳᠬᠠᠵᠤ᠂ ᠵᠦᠪ ᠡᠬᠡ ᠤᠷᠤᠨᠴᠢ ᠦᠵᠡᠯᠲᠡ᠂ ᠦᠨᠳᠦᠰᠦᠲᠡᠨ ᠤ ᠦᠵᠡᠯᠲᠡ᠂ ᠰᠤᠶᠤᠯ ᠤᠨ ᠦᠵᠡᠯᠲᠡ᠂ ᠲᠡᠦᠬᠡ ᠶᠢᠨ ᠦᠵᠡᠯᠲᠡ ᠶᠢ ᠪᠠᠲᠤ ᠪᠤᠢ ᠪᠤᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠰᠤᠶᠤᠯ ᠤᠨ ᠲᠤᠬᠠᠢ ᠬᠠᠮᠳᠦ ᠶᠢᠨ ᠲᠠᠨᠢᠯᠳᠠ ᠶᠢ ᠴᠢᠩᠭᠠᠳᠬᠠᠬᠤ ᠬᠡᠷᠡᠭᠲᠡᠢ᠃ ᠦᠨᠳᠦᠰᠦᠲᠡᠨ ᠤ ᠭᠠᠵᠠᠷ ᠤᠷᠤᠨ ᠤ ᠡᠯ᠎ᠠ ᠱᠠᠲᠤᠨ ᠤ ᠡᠯ᠎ᠠ ᠲᠦᠷᠦᠯ ᠤᠨ ᠰᠤᠷᠭᠠᠨ ᠬᠦᠮᠦᠵᠢᠯ ᠢ ᠰᠠᠶᠢᠲᠤᠷ ᠡᠷᠬᠢᠯᠡᠵᠦ᠂ ᠤᠯᠤᠰ ᠤᠨ ᠨᠡᠶᠢᠳᠡᠮ ᠤᠨ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠤᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ ᠤᠬᠠᠭᠠᠨ ᠰᠤᠶᠤᠯ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠢᠶᠠᠨ ᠬᠠᠶᠢᠷᠠᠯᠠᠬᠤ ᠰᠡᠳᠭᠢᠯ ᠢ ᠬᠡᠦᠬᠡᠳ ᠪᠦᠬᠦᠨ ᠤ ᠬᠡᠭᠦᠳᠡᠭ ᠴᠡᠭᠡᠵᠢᠨ ᠳᠤ ᠬᠠᠳᠠᠩᠰᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠦᠨᠳᠦᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠤᠷᠲᠤ ᠬᠤᠭᠤᠴᠠᠭ᠎ᠠ ᠪᠠᠷ ᠦᠷᠨᠢᠭᠦᠯᠵᠦ᠂ ᠠᠷᠭ᠎ᠠ ᠬᠡᠮᠵᠢᠶ᠎ᠠ ᠠᠴᠢᠶᠠᠯᠠᠪᠤᠷᠢ ᠶᠢᠨ ᠰᠢᠨ᠎ᠠ ᠶᠢ ᠡᠭᠦᠳᠴᠦ᠂ ᠪᠠᠶᠢᠭᠤᠯᠭ᠎ᠠ ᠳᠤ ᠦᠷᠨᠢᠭᠦᠯᠬᠦ᠂ ᠠᠵᠤ ᠠᠬᠤᠢᠢᠯᠠᠯ ᠳᠤ ᠦᠷᠨᠢᠭᠦᠯᠬᠦ᠂ ᠨᠡᠶᠢᠭᠡᠮ ᠲᠤᠭᠤᠷᠢᠭ ᠲᠤ ᠦᠷᠨᠢᠭᠦᠯᠬᠦ᠂ ᠰᠢᠶᠠᠩ ᠪᠠᠯᠭᠠᠰᠤᠨ ᠳᠤ ᠦᠷᠨᠢᠭᠦᠯᠬᠦ᠂ ᠰᠤᠷᠭᠠᠭᠤᠯᠢ ᠳᠤ ᠦᠷᠨᠢᠭᠦᠯᠬᠦ᠂ ᠰᠤᠮᠤᠨ ᠠᠩᠭᠢ ᠳᠤ ᠦᠷᠨᠢᠭᠦᠯᠬᠦ᠂ ᠱᠠᠰᠢᠨ ᠰᠤᠷᠳᠠᠬᠤᠨ ᠤ ᠠᠵᠢᠯᠯᠠᠭᠠᠨ ᠤ ᠲᠠᠯᠠᠪᠠᠢ ᠵᠡᠷᠭᠡ ᠳᠤ ᠦᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠦᠨᠳᠦᠰᠦᠲᠡᠨ ᠤ ᠤᠴᠢᠷ ᠶᠠᠪᠤᠳᠠᠯ ᠢ ᠬᠠᠤᠯᠢ ᠪᠠᠷ ᠵᠠᠰᠠᠵᠤ᠂ ᠦᠨᠳᠦᠰᠦᠲᠡᠨ ᠨᠦᠭᠦᠳ ᠤᠨ ᠠᠷᠠᠳ ᠢᠷᠭᠡᠨ ᠬᠠᠤᠯᠢ ᠴᠠᠭᠠᠵᠠ ᠶᠢᠨ ᠡᠮᠦᠨ᠎ᠠ ᠪᠦᠷ ᠡᠷᠬᠡ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠢ᠃ ᠦᠨᠳᠦᠰᠦᠲᠡᠨ ᠤ ᠭᠠᠵᠠᠷ ᠤᠷᠤᠨ ᠤ ᠦᠪᠡᠷᠲᠡᠭᠡᠨ ᠵᠠᠰᠠᠬᠤ ᠬᠠᠤᠯᠢ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠪᠠᠲᠤᠯᠠᠬᠤ ᠬᠡᠷᠡᠭᠲᠡᠢ᠃ ᠦᠨᠳᠦᠰᠦᠲᠡᠨ ᠤ ᠡᠯᠧᠮᠧᠨ᠋ᠲ ᠲᠠᠢ ᠬᠤᠯᠪᠤᠬᠳᠠᠬᠤ ᠬᠡᠷᠡᠭ ᠪᠠ ᠤᠴᠢᠷ ᠶᠠᠪᠤᠳᠠᠯ ᠢ ᠬᠠᠤᠯᠢ ᠶᠤᠰᠤᠭᠠᠷ ᠲᠤᠬᠢᠲᠠᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠠᠷᠠᠳ ᠢᠷᠭᠡᠳ ᠡᠷᠬᠡ ᠲᠡᠭᠰᠢ ᠪᠠᠷ ᠡᠷᠬᠡ ᠪᠠᠨ ᠡᠳ᠋ᠯᠡᠵᠦ᠂ ᠡᠷᠬᠡ ᠲᠡᠭᠰᠢ ᠪᠠᠷ ᠡᠭᠦᠷᠭᠡ ᠪᠠᠨ ᠭᠦᠢᠴᠡᠳᠭᠡᠬᠦ ᠶᠢ ᠪᠠᠲᠤᠯᠠᠵᠤ᠂ ᠦᠨᠳᠦᠰᠦᠲᠡᠨ ᠤ ᠤᠴᠢᠷ ᠶᠠᠪᠤᠳᠠᠯ ᠤᠨ ᠵᠠᠰᠠᠯᠲᠠ ᠶᠢ ᠬᠠᠤᠯᠢᠵᠢᠯ ᠤᠨ ᠵᠠᠮ ᠢᠶᠠᠷ ᠵᠠᠮᠨᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠠ ᠵᠦᠢᠯ ᠤᠨ ᠨᠡᠪᠴᠢᠯᠲᠡ ᠨᠤᠷᠠᠭᠠᠯᠲᠠ ᠡᠪᠳᠡᠯᠭᠡ ᠶᠢᠨ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠶᠢᠨ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠳᠠᠬᠤᠨ ᠤ ᠬᠡᠳᠦᠷᠡᠮᠡᠬᠡᠢ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠂ ᠴᠢᠩᠭ᠎ᠠ ᠴᠤᠬᠢᠯᠲᠠ ᠦᠭᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠯ᠎ᠠ ᠱᠠᠲᠤᠨ ᠤ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠢ ᠡᠳᠦᠷ ᠳᠤᠲᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠬᠤ ᠬᠡᠷᠡᠭᠲᠡᠢ᠃ ᠦᠨᠳᠦᠰᠦᠲᠡᠨ ᠤ ᠬᠦᠷᠢᠶᠡᠨ ᠤ ᠰᠠᠭᠤᠷᠢ ᠤᠨᠤᠯ ᠤᠨ ᠠᠰᠠᠭᠤᠳᠠᠯ ᠪᠤᠯᠤᠨ ᠴᠢᠬᠤᠯᠠ ᠶᠡᠭᠡ ᠪᠤᠳᠠᠳᠤ ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ᠂ ᠠᠷᠠᠳᠴᠢᠯᠠᠬᠰᠠᠨ ᠨᠠᠮ ᠪᠦᠯᠦᠭ᠂ ᠠᠷᠠᠳ ᠤᠨ ᠪᠦᠯᠬᠦᠮ ᠬᠠᠮᠲᠤ ᠪᠠᠷ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠠᠵᠢᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠦᠨᠳᠦᠰᠦᠲᠡᠨ ᠤ ᠠᠵᠢᠯ ᠤᠨ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠵᠠᠢ᠃      ᠯᠢ ᠺᠧ ᠴᠢᠶᠠᠩ ᠶᠡᠭᠡ ᠬᠤᠷᠠᠯ ᠢ ᠡᠷᠬᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ ᠶᠠᠷᠢᠶ᠎ᠠ ᠨᠢ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ 70 ᠵᠢᠯ ᠢᠯᠠᠩᠭᠤᠶ᠎ᠠ ᠨᠠᠮ ᠤᠨ ᠠᠷᠪᠡᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ ᠤᠯᠤᠰ ᠤᠨ ᠦᠨᠳᠦᠰᠦᠳᠡᠨ ᠤ ᠪᠦᠯᠭᠦᠮᠳᠡᠯ ᠲᠠᠪᠰᠢᠯᠳᠡ ᠶᠢᠨ ᠦᠢᠯᠡᠰ ᠤᠨ ᠤᠯᠤᠬᠰᠡᠨ ᠭᠡᠷᠡᠯ ᠰᠠᠴᠤᠷᠠᠩᠭᠤᠢ ᠠᠮᠵᠢᠯᠳᠡ ᠪᠦᠳᠦᠮᠵᠢ ᠪᠡ ᠬᠤᠪᠤᠷ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠤ ᠂ ᠮᠠᠨ ᠤ ᠤᠯᠤᠰ ᠤᠨ ᠦᠨᠳᠦᠰᠦᠳᠡᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠪᠦᠭᠦ ᠲᠠᠯ᠎ᠡ ᠪᠠᠷ ᠵᠠᠳᠠᠯᠵᠤ᠂ ᠰᠢᠨ᠎ᠡ ᠴᠠᠭ ᠦᠶ᠎ᠡ ᠶᠢᠨ ᠦᠨᠳᠤᠰᠤᠳᠡᠨ ᠤ ᠪᠦᠯᠭᠦᠮᠳᠡᠯ ᠲᠠᠪᠰᠢᠯᠳᠡ ᠶᠢᠨ ᠦᠢᠯᠡᠰ ᠢ ᠠᠬᠢᠭᠤᠯᠬᠤ ᠶᠠᠷᠦᠩᠬᠡᠢ ᠱᠠᠭᠠᠷᠳᠠᠯᠭ᠎ᠠ ᠪᠡ ᠠᠵᠢᠯ ᠤᠨ ᠭᠤᠤᠯᠳᠠᠯᠭ᠎ᠠ ᠶᠢ ᠲᠤᠳᠤᠷᠬᠠᠢ ᠲᠤᠷᠠᠳᠴᠠᠢ᠂ ᠡᠨᠡ ᠨᠢ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠬᠠᠨᠳᠤᠯᠭᠠᠳᠤ ᠴᠢᠨᠠᠷ᠂ ᠵᠢᠯᠤᠭᠤᠳᠬᠤ ᠴᠢᠨᠠᠷ ᠲᠠᠢ ᠪᠠᠶᠢᠭ᠎ᠠ ᠶᠤᠮ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠡᠨ ᠡᠵᠡᠮᠰᠢᠵᠦ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠡ ᠪᠠᠷ ᠲᠤᠭᠤᠰᠢᠯᠠᠭᠤᠯᠵᠤ᠂ ᠪᠦᠭᠦ ᠤᠯᠤᠰ ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠢ ᠭᠦᠳᠦᠯᠦᠨ ᠲᠠᠭᠠᠭᠤᠯᠵᠤ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠲᠠᠰᠤᠷᠠᠯᠳᠡ ᠦᠭᠡᠢ ᠪᠠᠬᠢᠵᠢᠭᠦᠯᠤᠨ ᠴᠢᠩᠭᠠᠳᠬᠠᠵᠤ᠂ ᠦᠨᠳᠤᠰᠤᠳᠡᠨ ᠤ ᠪᠦᠯᠭᠦᠮᠳᠡᠯ ᠲᠠᠪᠰᠢᠯᠳᠡ ᠶᠢᠨ ᠦᠢᠯᠡᠰ ᠤᠨ ᠰᠢᠨ᠎ᠡ ᠶᠢ ᠡᠬᠦᠳᠦᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠨᠠᠷᠢᠨ ᠪᠤᠳᠠᠳᠠᠢ ᠨᠠᠶᠢᠳᠠᠪᠦᠷᠢᠵᠢᠭᠤᠯᠵᠤ᠂ ᠵᠠᠮ ᠨᠡᠭᠡᠭᠡᠨ ᠤᠷᠤᠭᠰᠢᠯᠠᠵᠤ᠂ ᠯᠠᠪᠳᠠᠭᠤᠨ ᠪᠠᠳᠤᠳᠠᠢ ᠠᠵᠢᠯᠯᠠᠵᠤ᠂ ᠦᠨᠳᠦᠰᠦᠳᠡᠨ ᠨᠦᠭᠦᠳ ᠬᠠᠮᠳᠤ ᠪᠠᠷ ᠪᠦᠯᠭᠦᠮᠳᠡᠨ ᠲᠡᠮᠡᠴᠡᠭᠦ᠂ ᠬᠠᠮᠳᠤ ᠪᠠᠷ ᠴᠡᠴᠡᠭᠯᠡᠨ ᠬᠦᠭᠵᠢᠬᠦ ᠶᠢ ᠠᠬᠢᠭᠤᠯᠬᠤ ᠭᠡᠷᠡᠭᠲᠠᠢ ᠭᠡᠪᠡ᠃       ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠲᠡᠳ᠋ ᠶᠡᠷᠦᠩᠬᠡᠢ ᠰᠠᠶᠢᠳ ᠰᠦᠨ ᠴᠦᠨ ᠯᠠᠨ ︽ᠪᠦᠭᠦ ᠤᠯᠤᠰ ᠤᠨ ᠦᠨᠳᠤᠰᠤᠳᠡᠨ ᠤ ᠪᠦᠯᠭᠦᠮᠳᠡᠯ ᠲᠠᠪᠰᠢᠯᠳᠡ ᠶᠢᠨ ᠵᠢᠱᠢᠶᠡᠴᠢ ᠬᠠᠮᠳᠤ ᠪᠡ ᠵᠢᠱᠢᠶᠡᠴᠢ ᠬᠤᠪᠢ ᠬᠦᠮᠦᠨ ᠢ ᠭᠦᠬᠢᠭᠦᠯᠦᠨ ᠰᠠᠶᠢᠰᠢᠶᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ︾ ᠢ ᠤᠩᠰᠢᠨ ᠨᠠᠶᠢᠳᠠᠯᠠᠵᠠᠢ᠃      ᠭᠦᠬᠢᠭᠦᠯᠦᠭᠳᠡᠨ ᠰᠠᠶᠢᠰᠢᠶᠠᠬᠳᠠᠬᠰᠡᠨ ᠵᠢᠱᠢᠶᠡᠴᠢ ᠬᠠᠮᠳᠤ ᠪᠡ ᠵᠢᠱᠢᠶᠡᠴᠢ ᠬᠤᠪᠢ ᠬᠦᠮᠦᠨ ᠤ ᠲᠦᠯᠦᠭᠡᠯᠡᠭᠴᠢ ᠬᠤᠷᠠᠯ ᠲᠡᠭᠡᠷ᠎ᠡ ᠦᠭᠡ ᠬᠡᠯᠡᠪᠡ᠃     ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠡᠨ ᠤ ᠭᠡᠰᠡᠭ ᠬᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠡ ᠪᠦᠭᠦᠢ ᠤᠳᠤᠷᠢᠳᠬᠤ ᠨᠦᠭᠦᠳ ᠶᠡᠭᠡ ᠬᠤᠷᠠᠯ ᠳᠤ ᠤᠷᠤᠯᠴᠡᠪᠡ᠃      ᠭᠦᠬᠢᠭᠦᠯᠦᠭᠳᠡᠨ ᠰᠠᠶᠢᠰᠢᠶᠠᠬᠳᠠᠬᠰᠡᠨ ᠵᠢᠱᠢᠶᠡᠴᠢ ᠬᠠᠮᠳᠤ ᠪᠡ ᠵᠢᠱᠢᠶᠡᠴᠢ ᠬᠤᠪᠢ ᠬᠦᠮᠦᠨ ᠤ ᠲᠦᠯᠦᠭᠡᠯᠡᠭᠴᠢᠳ᠂ ᠡᠯ᠎ᠡ ᠮᠤᠵᠢ ᠤᠷᠤᠨ ᠬᠤᠳᠡ ᠪᠡ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠳᠡ ᠶᠢᠨ ᠪᠢᠩᠲ᠋ᠤᠸᠠᠨ᠂ ᠲᠦᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠬᠠᠮᠢᠶ᠎ᠡ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠡᠨ ᠨᠦᠭᠦᠳ ᠶᠡᠭᠡ ᠬᠤᠷᠠᠯ ᠳᠤ ᠤᠷᠤᠯᠴᠡᠵᠠᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1