ᠥᠪᠡᠷᠲᠡᠭᠡᠨ ᠵᠠᠰᠠᠬᠤ ᠣᠷᠣᠨ ᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2019-09-30
      ᠬᠡᠷᠡᠯ ᠰᠠᠴᠤᠷᠠᠩᠭᠤᠢ 70 ᠵᠢᠯ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ᠃ 9 ᠰᠠᠷ᠎ᠠ ᠶᠢᠨ 27 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠥᠪᠥᠷ ᠮᠣᠩᠭᠤᠯ ᠤᠨ ᠤᠯᠠᠭᠠᠨ ᠲᠢᠶᠠᠳ᠋ᠷ ᠲᠤᠮᠤ ᠵᠦᠴᠦᠭᠡ ᠶᠢᠨ ᠬᠦᠷᠢᠶᠡᠯᠡᠩ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠥᠪᠥᠷ ᠮᠣᠩᠭᠤᠯ ᠤᠨ ᠲᠡᠮᠡᠴᠡᠯ ᠤᠨ ᠶᠠᠪᠤᠴᠠ ᠶᠢ ᠡᠷᠭᠢᠴᠡᠭᠦᠯᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠶ ᠶᠢ ᠪᠠᠷᠠᠯᠠᠵᠤ᠂ ᠪᠦᠬᠦ ᠣᠷᠣᠨ ᠳᠠᠶᠠᠭᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠴᠤᠴᠠᠯᠳᠠ ᠦᠬᠡᠢ ᠤᠷᠤᠬᠰᠢᠯᠠᠵᠥ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠬᠦ ᠶᠢ ᠳᠠᠶᠢᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠾᠧᠩ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠯᠢ ᠰᠢᠤ ᠯᠢᠩ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠠᠨᠳ᠋ᠯᠠᠭᠴᠢ ᠮᠠ ᠴᠢᠩ ᠯᠸᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠣᠯᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ᠂ ᠵᠡᠪᠰᠡᠭᠳᠤ ᠴᠠᠬᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠬᠠᠷᠢᠭᠤᠴᠠᠯᠭᠠᠲᠠᠨ ᠨᠥᠬᠦᠳ᠂ ᠬᠥᠬᠡᠬᠤᠲᠠ ᠳᠤ ᠪᠠᠶᠢᠭ᠎ᠠ ᠳᠡᠳ᠋ ᠮᠤᠵᠢ ᠶᠢᠨ ᠲᠡᠰ ᠠᠴᠠ ᠳᠡᠭᠡᠭᠰᠢᠬᠢ ᠠᠵᠢᠯ ᠠᠴᠠ ᠪᠠᠨ ᠳᠠᠷᠬᠠᠯᠠᠭᠳᠠᠵᠥ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠨᠥᠬᠦᠳ ᠬᠤᠷᠠᠯ ᠳᠤ ᠣᠷᠣᠯᠴᠠᠪᠠ᠃      ᠤᠯᠠᠭᠠᠨ ᠲᠢᠶᠠᠳ᠋ᠷ ᠲᠤᠮᠤ ᠵᠦᠴᠦᠭᠡ ᠶᠢᠨ ᠬᠦᠷᠢᠶᠡᠯᠡᠩ ᠤᠨ ᠠᠬᠤᠢ ᠪᠠᠶᠢᠳᠠᠯ ᠲᠥᠪ ᠬᠢᠴᠢᠶᠡᠩᠭᠦᠶ ᠪᠥᠭᠡᠳ ᠬᠥᠷ ᠬᠥᠭᠵᠢᠶᠡᠨᠲᠡᠶ ᠪᠠᠶᠢᠯ᠎ᠠ᠃ ᠳᠡᠷᠢᠬᠦᠯᠡᠭᠴᠢ ᠶᠢᠨ ᠳᠠᠶᠢᠰᠠᠨ ᠳᠡᠬᠡᠷ᠎ᠡ᠂ ᠤᠯᠤᠰ ᠤᠨ ᠰᠦᠯᠳᠡ ᠶᠢ ᠳᠦᠪ ᠳᠤᠮᠳᠠ ᠨᠢ ᠡᠯᠬᠦᠵᠥ᠂ ᠠᠷᠪᠠᠨ ᠤᠯᠠᠭᠠᠨ ᠳᠤᠬ ᠢ ᠬᠤᠶᠠᠷ ᠳᠠᠯ᠎ᠠ ᠳᠤᠨᠢ ᠵᠢᠬᠰᠠᠭᠠᠨ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠦᠰᠦᠭ ᠤᠨᠴᠠ ᠶᠢᠨ ᠢᠯᠡ ᠬᠠᠷᠠᠬᠳᠠᠵᠤ ᠪᠠᠶᠢᠯ᠎ᠠ᠃ 10 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃      ᠮᠠᠯᠴᠢᠨ ᠲᠠᠷᠢᠶᠠᠴᠢᠳ ᠤᠨ ᠲᠥᠯᠥᠭᠡᠯᠡᠭᠴᠢ ᠬᠠᠰᠲᠤᠶᠠᠭ᠎ᠠ᠂ ᠠᠵᠤ ᠦᠢᠯᠡᠰ ᠤᠨ ᠠᠵᠢᠯᠴᠢᠨ ᠤ ᠲᠥᠯᠥᠭᠡᠯᠡᠭᠴᠢ ᠴᠧᠨ ᠡᠯ ᠫᠢᠶᠠᠨ᠂ ᠰᠡᠬᠡᠭᠡᠲᠡᠨ ᠤ ᠲᠥᠯᠥᠭᠡᠯᠡᠭᠴᠢ ᠶᠢᠨ ᠬᠠᠢ᠂ ᠵᠠᠯᠠᠭᠤ ᠰᠤᠷᠤᠭᠴᠢᠳ ᠤᠨ ᠲᠥᠯᠥᠭᠡᠯᠡᠭᠴᠢ ᠴᠡᠩᠬᠡᠯ ᠲᠡᠰ ᠳᠠᠷᠠᠭᠠᠯᠠᠨ ᠦᠭᠡ ᠬᠡᠯᠡᠪᠡ᠃ ᠣᠯᠠᠨ ᠢᠶᠠᠷ ᠢᠶᠠᠨ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠤᠷ᠎ᠠ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢᠬᠢ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠶᠢᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢ ᠬᠦᠨᠵᠡᠬᠡᠢ ᠡᠷᠭᠢᠴᠡᠭᠦᠯᠵᠦ᠂ ᠨᠠᠮ ᠳᠠᠭᠠᠨ ᠲᠠᠯᠠᠷᠬᠠᠬᠤ ᠰᠡᠳᠬᠢᠯᠭᠡ ᠪᠣᠯᠤᠨ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠢᠲᠡᠭᠡᠯ ᠵᠣᠷᠢᠭ ᠢ ᠭᠦᠢᠴᠡᠳ ᠢᠯᠡᠳᠬᠡᠵᠡᠶ᠃ ᠯᠢ ᠵᠢᠶ ᠾᠧᠩ ᠶᠠᠷᠢᠶᠠᠨ ᠳᠠᠭᠠᠨ᠂ 1949 ᠣᠨ ᠤ 10 ᠰᠠᠷ᠎ᠠ ᠶᠢᠨ 1 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠵᠤ᠂ ᠳᠤᠮᠳᠠᠳᠤ ᠶᠢᠨ ᠦᠨᠳᠦᠰᠦᠲᠡᠨ ᠭᠡᠭᠡᠨ ᠰᠠᠷᠠᠭᠤᠯ᠂ ᠳᠠᠪᠰᠢᠯᠲᠠ᠂ ᠴᠢᠨᠡᠭᠡᠯᠢᠭᠵᠢᠯ ᠲᠡᠶᠢᠰᠢ ᠤᠷᠤᠭᠰᠢᠯᠠᠬᠤ ᠲᠡᠤᠬᠡ ᠶᠢᠨ ᠰᠢᠨ᠎ᠡ ᠴᠠᠬ ᠦᠶ᠎ᠡ ᠶᠢ ᠨᠡᠭᠡᠭᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠮᠠᠨ ᠤ ᠨᠠᠮ ᠠᠵᠢᠯᠴᠢ ᠬᠦᠳᠡᠯᠮᠤᠷᠢᠴᠢ᠂ ᠡᠷᠡᠯᠬᠡᠭ ᠪᠠᠭᠠᠲᠤᠷᠯᠢᠭ᠂ ᠣᠶᠤᠨ ᠪᠢᠯᠢᠭ ᠲᠠᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠯᠢ ᠣᠯᠠᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠯᠢ ᠣᠯᠠᠨ ᠲᠡᠤᠬᠡ ᠶᠢᠨ ᠬᠠᠭᠤᠳᠠᠰᠤᠨ ᠳᠤ ᠲᠡᠮᠳᠡᠭᠯᠡᠭᠳᠡᠭᠰᠡᠨ ᠬᠥᠮᠦᠨ ᠤ ᠶᠢᠷᠲᠢᠨᠴᠦ ᠶᠢᠨ ᠭᠠᠶᠢᠬᠠᠮᠰᠢᠭ ᠢ ᠡᠭᠦᠳᠴᠦ᠂ ᠰᠦᠷ ᠳᠠᠯᠠᠶᠢᠴᠠᠳᠠᠢ ᠬᠥᠭᠵᠢᠯᠲᠡ ᠶᠢᠨ ᠶᠠᠪᠤᠴᠠ ᠶᠢ ᠥᠩᠭᠡᠷᠡᠭᠡᠵᠦ᠂ ᠲᠩᠷᠢ ᠭᠠᠵᠠᠷ ᠢ ᠤᠶᠠᠷᠠᠭᠤᠯᠤᠮ᠎ᠠ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠣᠯᠵᠥ᠂ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠤ᠂ ᠳᠤᠮᠳᠠᠳᠤ ᠶᠢᠨ ᠦᠨᠳᠦᠰᠦᠲᠡᠨ ᠪᠤᠰᠴᠤ ᠵᠤᠬᠰᠤᠬᠰᠠᠨ᠂ ᠴᠢᠨᠡᠭᠡᠯᠢᠭᠵᠢᠭᠰᠡᠨ ᠠᠴᠠ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠬᠲᠤᠨ ᠠᠪᠴᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠦᠰᠡᠯ ᠡᠷᠡᠮᠡᠯᠵᠡᠯ ᠢᠶᠠᠷ ᠪᠢᠯᠬᠠᠮ᠎ᠠ ᠨᠡᠶᠢᠭᠡᠮ ᠵᠢᠷᠤᠮᠲᠤ ᠳᠤᠮᠳᠠᠳᠤ ᠤᠯᠤᠰ ᠳᠡᠯᠡᠬᠡᠶ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ᠂ ᠳᠡᠯᠡᠬᠡᠶ ᠶᠢᠨ ᠲᠠᠪᠴᠠᠩ ᠤᠨ ᠲᠥᠪ ᠲᠤ ᠡᠳᠦᠷ ᠢᠷᠡᠬᠦᠶ᠎ᠡ ᠣᠶᠢᠷᠠᠳᠤᠵᠠᠢ ᠬᠡᠪᠡ᠃      ᠯᠢ ᠵᠢᠶ ᠾᠧᠩ᠂ ᠨᠠᠮ ᠤᠨ ᠲᠥᠪ ᠬᠤᠷᠢᠶ᠎ᠠ ᠥᠪᠥᠷ ᠮᠣᠩᠭᠤᠯ ᠤᠨ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠰᠠᠭᠠᠷ ᠢᠷᠡᠭᠰᠡᠨ ᠪᠦᠭᠡᠳ ᠢᠮᠠᠭᠲᠠ ᠨᠠᠨᠳᠢᠨ ᠬᠦᠰᠡᠯ ᠨᠠᠶᠢᠳᠠᠯᠭ᠎ᠠ ᠲᠠᠯᠪᠢᠭᠰᠠᠭᠠᠷ ᠢᠷᠡᠵᠡᠢ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠣᠤᠷ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠨᠢᠬᠡ ᠰᠡᠳᠬᠢᠯ ᠨᠢᠬᠡ ᠵᠤᠷᠢᠭ ᠢᠶᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠷᠡᠰ ᠳᠠᠭᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ ᠳᠠᠪᠠᠯᠳᠠᠲᠤ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠤᠨ ᠳᠦᠷᠰᠦ ᠪᠠᠶᠢᠳᠠᠯ ᠳᠤ ᠲᠡᠭᠷᠢ ᠭᠠᠵᠠᠷ ᠢ ᠲᠤᠩᠰᠤᠯᠭᠠᠮ᠎ᠠ ᠲᠡᠤᠬᠡᠳᠤ ᠴᠢᠨᠠᠷᠲᠠᠢ ᠯᠤᠲᠤ ᠶᠡᠭᠡ ᠬᠤᠪᠢᠷᠠᠯᠲᠠ ᠭᠠᠷᠬᠤ ᠶᠢ ᠠᠬᠢᠭᠤᠯᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ 70 ᠵᠢᠯ ᠪᠣᠯ ᠥᠪᠥᠷ ᠮᠣᠩᠭᠤᠯ ᠤᠨ ᠠᠷᠠᠳᠴᠢᠯᠠᠭᠰᠠᠨ ᠤᠯᠤᠰ ᠲᠥᠷᠦ ᠶᠢᠨ ᠪᠠᠶᠢᠭᠤᠯᠤᠯᠲᠠ ᠲᠡᠦᠬᠡᠲᠦ ᠴᠢᠨᠠᠷᠲᠠᠶ ᠠᠯᠬᠤᠮ ᠢ ᠠᠯᠬᠤᠭᠰᠠᠨ 70 ᠵᠢᠯ ᠮᠦᠨ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠦᠭᠰᠡᠨ 70 ᠵᠢᠯ ᠮᠦᠨ᠂ ᠦᠵᠡᠯ ᠰᠠᠨᠠᠭ᠎ᠠ ᠰᠣᠶᠣᠯ ᠤᠨ ᠪᠠᠶᠢᠭᠤᠯᠤᠯᠲᠠ ᠲᠡᠦᠬᠡᠲᠦ ᠴᠢᠨᠠᠷᠲᠠᠶ ᠬᠥᠭᠵᠢᠯᠲᠡ ᠶᠢ ᠪᠡᠶᠡᠯᠡᠭᠦᠯᠦᠭᠰᠡᠨ 70 ᠵᠢᠯ ᠮᠦᠨ᠂ ᠨᠡᠶᠢᠭᠡᠮ ᠤᠨ ᠪᠠᠶᠢᠭᠤᠯᠤᠯᠲᠠ ᠲᠡᠦᠬᠡᠲᠦ ᠴᠢᠨᠠᠷᠲᠠᠶ ᠳᠠᠪᠰᠢᠯᠲᠠ ᠶᠢ ᠪᠡᠶᠡᠯᠡᠭᠦᠯᠦᠭᠰᠡᠨ 70 ᠵᠢᠯ ᠮᠦᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠲᠡᠦᠬᠡᠲᠦ ᠴᠢᠨᠠᠷᠲᠠᠶ ᠬᠤᠪᠢᠷᠠᠯᠲᠠ ᠶᠢ ᠪᠡᠶᠡᠯᠡᠭᠦᠯᠦᠭᠰᠡᠨ 70 ᠵᠢᠯ ᠮᠦᠨ᠂ ᠨᠠᠮ ᠤᠨ ᠪᠠᠶᠢᠭᠤᠯᠤᠯᠲᠠ ᠲᠡᠦᠬᠡᠲᠦ ᠴᠢᠨᠠᠷᠲᠠᠶ ᠪᠠᠶᠢᠳᠠᠯ ᠢ ᠡᠭᠦᠳᠦᠭᠰᠡᠨ 70 ᠵᠢᠯ ᠮᠦᠨ᠃ ᠥᠪᠥᠷ ᠮᠣᠩᠭᠤᠯ ᠤᠨ ᠠᠮᠵᠢᠯᠲᠠ ᠲᠠᠢ ᠦᠢᠯᠡᠳᠦᠯᠭᠡ ᠪᠣᠯᠤᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠨᠢ ᠨᠡᠶᠢᠭᠡᠮ ᠵᠢᠷᠤᠮᠲᠤ ᠪᠠᠶᠢᠭᠤᠯᠤᠯ ᠤᠨ ᠯᠤᠲᠤ ᠶᠡᠭᠡ ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠵᠦ᠂ ᠨᠠᠮ ᠤᠨ ᠦᠨᠳᠦᠰᠦᠲᠡᠨ ᠤ ᠲᠤᠬᠠᠢ ᠲᠥᠷᠦ ᠶᠢᠨ ᠪᠣᠳᠣᠯᠭ᠎ᠠ ᠶᠢᠨ ᠯᠤᠲᠤ ᠶᠡᠭᠡ ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠯᠤᠲᠤ ᠶᠡᠭᠡ ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠵᠡᠢ ᠬᠡᠵᠥ ᠵᠢᠭᠠᠵᠥ ᠭᠠᠷᠭᠠᠪᠠ᠃      ᠯᠢ ᠵᠢᠶ ᠾᠧᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠦᠢᠯ ᠤᠨ ᠡᠷᠬᠢᠮ ᠨᠠᠨᠳᠢᠨ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠵᠤ᠂ ᠲᠦᠢᠯ ᠤᠨ ᠬᠤᠪᠣᠷ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠶᠢ ᠦᠯᠡᠳᠡᠭᠡᠵᠡᠶ᠂ ᠡᠳᠡᠭᠡᠷ ᠨᠢ ᠴᠥᠮ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠮᠠᠰᠢ ᠴᠢᠬᠤᠯᠠ ᠰᠡᠩᠬᠡᠷᠡᠬᠦᠯᠬᠦ ᠪᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠨᠠᠩ ᠢᠯᠡᠭᠦᠤ ᠬᠠᠯᠠᠮᠵᠢᠯᠠᠨ ᠳᠠᠮᠵᠢᠵᠤ᠂ ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ ᠥᠪᠥᠷ ᠮᠣᠩᠭᠤᠯ ᠤᠨ ᠠᠵᠢᠯ ᠤᠨ ᠲᠤᠬᠠᠶ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠵᠢᠭᠠᠪᠤᠷᠢ ᠥᠭᠴᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠵᠢᠷᠤᠭ ᠲᠥᠰᠦᠪ ᠶᠡᠷᠦᠩᠬᠡᠢ ᠬᠦᠳᠦᠯᠪᠤᠷᠢ ᠶᠢ ᠵᠢᠷᠤᠭᠯᠠᠨ ᠦᠭᠴᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠬᠦᠰᠡᠯ ᠵᠡᠭᠦᠳᠦ ᠪᠠᠨ ᠬᠥᠭᠡᠭᠡᠴᠡᠯᠳᠦᠨ ᠤᠷᠤᠭᠰᠢᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠶ᠃ ᠪᠢᠳᠡ ᠲᠡᠤᠬᠡ ᠶᠢᠨ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠲᠡᠤᠬᠡ ᠶᠢᠨ ᠵᠢᠮ᠎ᠡ ᠶᠣᠰᠣ ᠶᠢ ᠨᠠᠩ ᠰᠠᠶᠢᠲᠤᠷ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠠᠶᠠᠭᠠᠷ ᠢᠶᠠᠨ ᠰᠡᠳᠬᠢᠯ ᠨᠢᠭᠡᠳᠦᠨ ᠲᠡᠮᠦᠷ ᠬᠡᠷᠡᠮ ᠮᠡᠳᠦ ᠪᠤᠯᠵᠤ᠂ ᠬᠦᠨᠳᠦ ᠡᠭᠦᠷᠭᠡ ᠶᠢ ᠡᠭᠦᠷᠭᠡᠯᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠶ ᠬᠡᠵᠥ ᠵᠢᠭᠠᠵᠥ ᠭᠠᠷᠭᠠᠪᠠ᠃      ᠯᠢ ᠵᠢᠢ ᠾᠧᠩ᠂ ᠲᠡᠤᠭᠡ ᠶᠢᠨ ᠰᠢᠨ᠎ᠡ ᠭᠠᠷᠤᠭ᠎ᠠ ᠳᠤ᠂ ᠪᠢᠳᠠ ᠡᠷᠬᠡᠪᠰᠢ ᠠᠯᠢᠪᠠ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠠᠶᠠᠯᠡᠬᠦᠯᠵᠤ᠂ ᠦᠵᠡᠯ ᠰᠠᠨᠠᠭᠠᠨ ᠤ ᠲᠠᠯ᠎ᠡ ᠪᠠᠷ ᠤᠯᠤᠰ ᠲᠦᠷᠦ ᠶᠢᠨ ᠲᠠᠯ᠎ᠡ ᠪᠠᠷ ᠦᠢᠯᠡ ᠠᠵᠢᠯᠯᠠᠭᠠᠨ ᠤ ᠲᠠᠯ᠎ᠡ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶ᠎ᠡ ᠲᠠᠢ ᠢᠮᠠᠬᠳᠠ ᠲᠡᠭᠡᠳᠤ ᠭᠡᠮᠵᠢᠶ᠎ᠡ ᠪᠠᠷ ᠨᠢᠭᠡᠳᠦᠯᠳᠠᠢ ᠪᠠᠶᠢᠬᠤ ᠭᠡᠷᠡᠭᠳᠠᠢ᠃ ᠡᠷᠬᠡᠪᠰᠢ ᠲᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠵᠠᠮ ᠢ ᠪᠠᠷᠢᠮᠳᠠᠯᠠᠵᠤ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠬᠠᠤ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠵᠤ᠂ ᠰᠢᠨ᠎ᠡ ᠴᠠᠭ ᠦᠶ᠎ᠡ ᠳᠤ ᠵᠢᠱᠢᠶᠠᠴᠢ ᠦᠪᠡᠷᠳᠡᠭᠡᠨ ᠵᠠᠰᠠᠬᠤ ᠤᠷᠤᠨ ᠤ ᠡᠷᠬᠢᠮ ᠲᠡᠭᠡᠳᠤ ᠢᠷᠠᠭᠤ ᠠᠯᠳᠠᠷ ᠢ ᠦᠷᠬᠦᠯᠵᠢᠯᠡᠨ ᠪᠠᠳᠤᠯᠠᠬᠤ ᠭᠡᠷᠡᠭᠳᠠᠢ᠃ ᠡᠷᠬᠡᠪᠰᠢ ᠬᠦᠭᠵᠢᠯᠳᠠ ᠶᠢ ᠲᠡᠷᠢᠭᠦᠨ ᠴᠢᠬᠤᠯᠠ ᠡᠬᠦᠷᠭᠡ ᠪᠤᠯᠭᠠᠬᠤ ᠶᠢ ᠪᠠᠷᠢᠮᠳᠠᠯᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠦᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠰᠠᠶᠢᠳᠤᠷ ᠵᠠᠮᠨᠠᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠳᠦᠮᠵᠢ ᠲᠠᠢ᠂ ᠨᠡᠩ ᠲᠦᠪ ᠭᠤᠤᠯᠴᠢ᠂ ᠨᠡᠩ ᠦᠷᠬᠦᠯᠵᠢᠯᠡᠬᠦ ᠬᠦᠭᠵᠢᠯᠳᠠ ᠶᠢ ᠴᠢᠷᠮᠠᠶᠢᠨ ᠪᠠᠶᠠᠯᠡᠬᠦᠯᠬᠦ ᠭᠡᠷᠡᠭᠳᠠᠢ᠃ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠪᠤᠳᠠᠳᠠᠢ ᠠᠴᠠ ᠡᠬᠦᠰᠴᠤ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠵᠠ ᠵᠢᠷᠭᠠᠯ ᠢ ᠬᠦᠴᠦᠯᠡᠨ ᠨᠡᠮᠡᠭᠳᠡᠬᠦᠯᠵᠤ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠠᠬᠢᠭᠤᠯᠬᠤ ᠭᠡᠷᠡᠭᠳᠠᠢ᠃ ᠡᠷᠬᠡᠪᠰᠢ ᠦᠭᠡᠷᠡᠴᠢᠯᠡᠯᠳᠠ ᠨᠡᠭᠡᠭᠡᠯᠳᠠ ᠶᠢ ᠬᠦᠨᠵᠡᠭᠡᠶᠢᠷᠠᠬᠦᠯᠬᠦ ᠶᠢ ᠪᠠᠷᠢᠮᠳᠠᠯᠠᠵᠤ᠂ ᠬᠦᠭᠵᠢᠯᠳᠠ ᠶᠢᠨ ᠬᠦᠳᠡᠯᠭᠡᠬᠦ ᠬᠦᠴᠤᠨ ᠪᠠ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠭᠡᠷᠡᠭᠳᠠᠢ᠃ ᠡᠷᠬᠡᠪᠰᠢ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠬᠠᠤ ᠶᠢ ᠪᠠᠷᠢᠮᠳᠠᠯᠠᠵᠤ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠨᠡᠩ ᠪᠠᠳᠤ ᠴᠢᠩᠭ᠎ᠠ ᠬᠦᠴᠦᠨ ᠲᠠᠢ ᠪᠤᠯᠭᠠᠨ ᠪᠠᠶᠢᠭᠤᠯᠵᠤ᠂ ᠨᠠᠮ ᠤᠨ ᠲᠤᠭ ᠢ ᠡᠭᠡ ᠤᠯᠤᠰ ᠤᠨ ᠤᠮᠠᠷᠠᠳᠤ ᠬᠢᠯᠢ ᠶᠢᠨ ᠡᠭᠡ ᠭᠠᠵᠠᠷ ᠲᠤ ᠦᠨᠳᠦᠷ ᠮᠠᠨᠳᠤᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃      ᠦᠪᠡᠷᠳᠡᠭᠡᠨ ᠵᠠᠰᠬᠠᠤ ᠤᠷᠤᠨ ᠤ ᠰᠢᠭᠤᠳ ᠬᠠᠷᠢᠶ᠎ᠡ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠢ ᠪᠠ ᠲᠦᠪ ᠤᠨ ᠦᠪᠡᠷᠳᠡᠭᠡᠨ ᠵᠠᠰᠬᠠᠤ ᠤᠷᠤᠨ ᠳᠤ ᠰᠠᠭᠤᠭ᠎ᠠ ᠨᠢᠭᠡᠴᠢ ᠶᠢᠨ ᠭᠤᠤᠯ ᠪᠤᠯᠬᠤ ᠬᠠᠷᠢᠭᠤᠴᠠᠯᠭᠠᠳᠠᠨ᠂ ᠬᠦᠭᠡᠬᠤᠳᠠ ᠳᠤ ᠪᠠᠶᠢᠭ᠎ᠠ ᠡᠯ᠎ᠡ ᠲᠠᠯ᠎ᠡ ᠶᠢᠨ ᠲᠡᠷᠢᠬᠦᠨ ᠤ ᠨᠡᠶᠢᠳᠡᠯᠢᠭ ᠵᠢᠱᠢᠶᠠᠴᠢ ᠶᠢᠨ ᠲᠦᠯᠦᠭᠡᠯᠡᠭᠴᠢ ᠪᠤᠯᠤᠨ ᠬᠦᠭᠡᠬᠤᠳᠠ ᠶᠢᠨ ᠡᠯ᠎ᠡ ᠦᠨᠳᠦᠰᠦᠳᠡᠨ ᠡᠯ᠎ᠡ ᠡᠳᠡᠭᠡᠳ ᠤᠨ ᠬᠢᠨ ᠤ ᠲᠦᠯᠦᠭᠡᠯᠡᠭᠴᠢ 900 ᠰᠢᠬᠠᠮ ᠬᠦᠮᠦᠨ ᠶᠡᠭᠡ ᠬᠤᠷᠠᠯ ᠳᠤ ᠤᠷᠤᠯᠴᠠᠵᠠᠢ
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1