ᠵᠣᠴᠢᠨ᠄ ᠬᠦᠬᠡᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ ᠶᠢᠨ ᠲᠡᠳ᠋ | ᠰᠤᠳᠤᠯᠤᠭᠴᠢ ᠶᠣᠣ ᠪᠣᠣ ᠮᠢᠩ | [ ᠬᠠᠮᠢᠶᠠᠷᠤᠭᠴᠢ ] | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ | ᠪᠣᠯᠣᠨ ᠬᠦᠬᠡᠬᠤᠳᠠ ᠶᠢᠨ ᠷᠠᠳᠢᠤ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠶᠢᠨ | ᠬᠠᠮᠳᠤᠷᠠᠭᠰᠠᠨ ᠲᠤᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠨᠦᠭᠦᠳ ᠦᠭᠡ ᠦᠯᠡᠳᠡᠭᠡᠵᠦ ᠵᠤᠴᠢᠨ ᠲᠠᠢ | ᠶᠠᠷᠢᠯᠴᠠᠭ᠎ᠠ ᠦᠷᠨᠢᠬᠦᠯᠵᠦ ᠪᠤᠯᠤᠨ᠎ᠠ᠂ ᠢᠳᠡᠪᠬᠢᠳᠡᠢ ᠤᠷᠤᠯᠴᠠᠬᠤ ᠶᠢ ᠴᠢᠨᠢ ᠪᠠᠶᠠᠷᠯᠠᠨ ᠤᠭᠳᠤᠵᠤ ᠪᠠᠶᠢᠨ᠎ᠠ᠃ | [ ᠬᠦᠳᠦᠯᠦᠭᠴᠢ ] | ᠡᠨᠡ ᠵᠢᠯ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠ ᠵᠢᠭᠠᠪᠤᠷᠢ ᠥᠭᠴᠥ᠂ ᠥᠪᠥᠷ ᠮᠣᠩᠭᠤᠯ ᠠᠮᠢ | ᠠᠬᠤᠶ ᠶᠢ ᠤᠷᠢᠳᠠᠪᠡᠷ ᠪᠣᠳᠣᠯᠬᠢᠯᠠᠭᠰᠠᠨ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠲᠡᠶ ᠭᠡᠵᠡᠢ᠃ ᠬᠤᠲᠠ ᠶᠢᠨ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠨᠢ ᠠᠵᠤ ᠦᠢᠯᠡᠳᠪᠦᠷᠢ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ | ᠠᠬᠤᠶ ᠶᠢ ᠵᠢᠯᠣᠭᠤᠳᠤᠨ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠶᠠᠮᠠᠷ ᠶᠡᠷᠦᠩᠬᠡᠶ ᠰᠡᠳᠬᠢᠴᠡ | ᠪᠠ ᠳᠤᠮᠳᠠ ᠬᠤᠭᠤᠴᠠᠭ᠎ᠠ ᠠᠯᠤᠰ ᠬᠡᠲᠦ ᠶᠢᠨ ᠬᠠᠷᠠᠯᠲᠠ ᠲᠠᠢ ᠪᠣᠶ︖ | [ ᠶᠣᠣ ᠪᠣᠣ ᠮᠢᠩ ] | ᠠᠵᠤ ᠦᠢᠯᠡᠳᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ ᠶᠡᠷᠦᠩᠬᠡᠶ ᠱᠦᠵᠢ ᠰᠢ ᠶᠢᠨ | ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠮᠢ ᠠᠬᠤᠶ ᠶᠢ ᠤᠷᠢᠳᠠᠪᠡᠷ ᠪᠣᠳᠣᠯᠬᠢᠯᠠᠵᠤ ᠪᠣᠬᠢᠷᠲᠤᠯ | ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠥᠬᠡᠶ ᠵᠠᠮᠨᠠᠵᠤ᠂ ᠡᠬᠢ ᠪᠠᠶᠠᠯᠢᠭ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠳᠦᠮᠵᠢ ᠪᠣᠯᠤᠨ ᠠᠷᠢᠭᠤᠨ | ᠴᠡᠪᠡᠷ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠣᠭᠤᠷᠢᠨ ᠳᠤ ᠤᠯᠠᠮᠵᠢᠯᠠᠯᠲᠤ ᠠᠵᠤ ᠦᠢᠯᠡᠰ ᠤᠨ | ᠪᠣᠬᠢᠷᠲᠤᠯ ᠥᠬᠡᠶ ᠥᠭᠡᠷᠡᠴᠢᠯᠡᠯᠲᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ | ᠦᠢᠯᠡᠰ ᠤᠨ ᠬᠥᠭᠵᠢᠨ ᠪᠤᠵᠠᠭᠠᠶᠢᠷᠠᠬᠤ ᠶᠢ ᠶᠡᠬᠡᠪᠡᠷ ᠠᠬᠢᠭᠤᠯᠵᠤ᠂ ᠪᠣᠬᠢᠷᠲᠤᠯ ᠥᠬᠡᠶ ᠠᠵᠤ ᠦᠢᠯᠡᠰ ᠤᠨ | ᠰᠢᠰᠲ᠋ᠧᠮᠵᠢ᠂ ᠪᠣᠬᠢᠷᠲᠤᠯ ᠥᠬᠡᠶ ᠦᠢᠯᠡᠳᠬᠦ ᠰᠢᠰᠲ᠋ᠧᠮᠵᠢ᠂ ᠪᠣᠬᠢᠷᠲᠤᠯ ᠥᠬᠡᠶ ᠬᠠᠮᠢᠶᠠᠷᠤᠯᠲᠠ ᠶᠢᠨ ᠰᠢᠰᠲ᠋ᠧᠮᠵᠢ ᠶᠢ | ᠲᠦᠷᠭᠡᠳᠬᠡᠨ ᠪᠠᠶᠢᠭᠤᠯᠵᠤ᠂ ᠠᠵᠤ ᠦᠢᠯᠡᠳᠪᠦᠷᠢ ᠶᠢᠨ ᠬᠥᠭᠵᠢᠯᠲᠡ ᠪᠣᠯᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠬᠠᠷᠢᠯᠴᠠᠨ ᠠᠬᠢᠭᠤᠯᠵᠤ᠂ ᠡᠶ᠎ᠡ ᠵᠣᠬᠢᠴᠠᠩᠭᠤᠶ ᠬᠦᠭᠵᠢᠬᠦ ᠶᠢ ᠪᠡᠶᠡᠯᠡᠭᠦᠯᠦᠨ᠎ᠡ᠃ 3-5 ᠵᠢᠯ ᠤᠨ | ᠴᠢᠷᠮᠠᠶᠢᠯᠭ᠎ᠠ ᠪᠠᠷ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ | ᠪᠡᠯᠡᠳᠬᠡᠮᠵᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠥᠬᠡᠶ | ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ | ᠪᠣᠬᠢᠷᠲᠤᠯ ᠥᠬᠡᠶ ᠬᠥᠭᠵᠢᠯᠲᠡ ᠶᠢᠨ ᠬᠡᠪᠴᠢᠶ᠎ᠡ ᠶᠢ ᠮᠡᠳᠡᠭᠳᠡᠮ᠎ᠡ ᠥᠷᠭᠡᠳᠬᠡᠵᠦ᠂ ᠪᠣᠬᠢᠷᠲᠤᠯ ᠥᠬᠡᠶ ᠬᠥᠭᠵᠢᠯᠲᠡ ᠶᠢᠨ | ᠣᠨᠣᠯᠵᠢᠬᠤᠨ ᠢ ᠠᠵᠤ ᠦᠢᠯᠡᠳᠪᠦᠷᠢ ᠶᠢᠨ ᠪᠥᠬᠦ ᠬᠦᠷᠢᠶ᠎ᠡ ᠴᠠᠷᠠᠭ᠎ᠠ᠂ ᠪᠥᠬᠦ ᠶᠠᠪᠤᠴᠠ ᠶᠢᠨ ᠨᠡᠶᠢᠳᠡᠮ ᠤᠨ | ᠱᠠᠭᠠᠷᠳᠠᠯᠭ᠎ᠠ ᠪᠣᠯᠭᠠᠨ᠎ᠠ᠃ ᠡᠨᠡᠬᠦ ᠶᠠᠪᠤᠴᠠ ᠳᠤ ᠪᠣᠬᠢᠷᠲᠤᠯ ᠦᠭᠡᠢ ᠬᠠᠮᠢᠶᠠᠷᠤᠯᠲᠠ ᠶᠢᠨ ᠰᠢᠰᠲ᠋ᠧᠮᠵᠢ᠂ ᠪᠣᠬᠢᠷᠲᠤᠯ | ᠦᠭᠡᠢ ᠠᠵᠤ ᠦᠢᠯᠡᠰ ᠤᠨ ᠰᠢᠰᠲ᠋ᠧᠮᠵᠢ᠂ ᠪᠣᠬᠢᠷᠲᠤᠯ ᠦᠭᠡᠢ ᠦᠢᠯᠡᠳᠬᠦ ᠰᠢᠰᠲ᠋ᠧᠮᠵᠢ ︽ᠭᠤᠷᠪᠠᠨ ᠶᠡᠭᠡ | ᠰᠢᠰᠲ᠋ᠧᠮᠵᠢ︾ ᠶᠢ ᠠᠩᠬ᠎ᠠ ᠠᠯᠬᠤᠮ ᠪᠦᠷᠢᠯᠳᠦᠭᠦᠯᠬᠦ ᠶᠢᠨ ᠬᠠᠮᠳᠤ ᠬᠦᠨᠵᠡᠭᠡᠢ ᠬᠦᠭᠵᠢᠬᠦᠯᠦᠨ᠎ᠡ᠃ ᠡᠨᠡ ᠪᠣᠯ ᠳᠠᠷᠤᠶ | ᠮᠠᠨ ᠤ ᠶᠡᠷᠦᠩᠬᠡᠶ ᠰᠡᠳᠬᠢᠴᠡ ᠪᠠ ᠳᠤᠮᠳᠠ ᠬᠤᠭᠤᠴᠠᠭᠠᠨ ᠤ ᠬᠠᠷᠠᠯᠲᠠ ᠮᠥᠨ᠃ | [ ᠬᠦᠳᠦᠯᠦᠭᠴᠢ ] | ᠲᠠ ᠪᠣᠬᠢᠷᠲᠤᠯ ᠦᠭᠡᠢ ᠬᠠᠮᠢᠶᠠᠷᠤᠯᠲᠠ ᠶᠢᠨ ᠰᠢᠰᠲ᠋ᠧᠮᠵᠢ᠂ ᠪᠣᠬᠢᠷᠲᠤᠯ ᠦᠭᠡᠢ ᠠᠵᠤ ᠦᠢᠯᠡᠰ ᠤᠨ | ᠰᠢᠰᠲ᠋ᠧᠮᠵᠢ᠂ ᠪᠣᠬᠢᠷᠲᠤᠯ ᠦᠭᠡᠢ ᠦᠢᠯᠡᠳᠬᠦ ᠰᠢᠰᠲ᠋ᠧᠮᠵᠢ ᠵᠡᠷᠭᠡ ︽ᠭᠤᠷᠪᠠᠨ ᠶᠡᠭᠡ ᠰᠢᠰᠲ᠋ᠧᠮᠵᠢ︾ ᠶᠢᠨ | ᠪᠠᠶᠢᠭᠤᠯᠤᠯᠳᠠ ᠨᠢ ᠪᠣᠳᠠᠲᠠᠶ ᠶᠠᠭᠤ ᠬᠢᠬᠦ ᠶᠢ ᠲᠠᠶᠢᠯᠪᠤᠷᠢᠯᠠᠭᠠᠨᠳ ᠦᠭᠭᠦᠨ᠎ᠡ ᠤᠤ︖ | [ ᠶᠣᠣ ᠪᠣᠣ ᠮᠢᠩ ] | ᠨᠢᠭᠡᠳᠦᠭᠡᠷ ᠲᠤ᠂ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮᠵᠢ᠃ ᠡᠨᠡ ᠲᠠᠯ᠎ᠠ ᠪᠠᠷ᠂ ᠪᠢᠳᠠ | ᠤᠯᠠᠮᠵᠢᠯᠠᠯᠲᠤ ᠠᠵᠤ ᠦᠢᠯᠡᠰ ᠢ ᠪᠣᠬᠢᠷᠲᠤᠯ ᠦᠭᠡᠢ ᠪᠣᠯᠭᠠᠨ ᠥᠭᠡᠷᠡᠴᠢᠯᠡᠨ ᠲᠡᠰ ᠳᠡᠪᠰᠢᠭᠦᠯᠬᠦ ᠶᠢ ᠦᠷᠭᠦᠯᠵᠢᠯᠡᠨ | ᠠᠬᠢᠭᠤᠯᠵᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠢᠯᠴᠢ ᠶᠢᠨ ᠴᠠᠬᠢᠯᠭᠠᠨ ᠵᠡᠷᠭᠡ ᠠᠵᠢᠯ | ᠲᠥᠷᠥᠯ ᠳᠤ ᠰᠢᠨ᠎ᠡ ᠨᠢᠭᠡ ᠡᠭᠡᠯᠵᠢ ᠶᠢᠨ ᠮᠡᠷᠭᠡᠵᠢᠯ ᠤᠨ ᠥᠭᠡᠷᠡᠴᠢᠯᠡᠯᠲᠡ ᠪᠠ ᠪᠦᠲᠦᠴᠡ ᠶᠢᠨ ᠲᠡᠰ ᠳᠠᠪᠰᠢᠯᠲᠠ ᠶᠢ | ᠬᠡᠷᠡᠭᠵᠢᠭᠦᠯᠦᠨ᠎ᠡ᠃ ᠡᠭᠦᠨ ᠤ ᠬᠠᠮᠲᠤ᠂ ᠡᠨᠧᠷᠭᠢ ᠶᠢᠨ ᠬᠤᠷᠣᠭᠳᠠᠯ ᠪᠠᠭ᠎ᠠ᠂ ᠪᠣᠬᠢᠷᠲᠤᠯ ᠪᠠᠭ᠎ᠠ ᠲᠡᠷᠢᠭᠦᠨ ᠤ | ᠦᠢᠯᠡᠳᠬᠦ ᠦᠢᠯᠡᠰ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ ᠦᠢᠯᠡᠰ ᠢ | ᠲᠦᠷᠭᠡᠳᠬᠡᠨ ᠬᠥᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠡᠨᠧᠷᠭᠢ ᠶᠢᠨ ᠮᠠᠲ᠋ᠧᠷᠢᠶᠠᠯ᠂ ᠠᠮᠢᠳᠤ | ᠪᠣᠳᠠᠰ ᠤᠨ ᠮᠡᠷᠭᠡᠵᠢᠯ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠳᠠᠪᠠᠭᠤᠯᠢᠭ ᠪᠣᠬᠢᠷᠲᠤᠯ ᠦᠭᠡᠢ ᠠᠵᠤ ᠦᠢᠯᠡᠰ ᠢ | ᠪᠤᠵᠠᠭᠠᠶᠢᠷᠠᠭᠤᠯᠤᠨ᠎ᠠ᠃ 2021 ᠣᠨ ᠪᠣᠯᠬᠤ ᠳᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢ ᠨᠡᠶᠢᠲᠡ 100 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠶᠡᠯᠡᠭᠦᠯᠬᠦ ᠪᠠᠷ ᠴᠢᠷᠮᠠᠶᠢᠵᠤ᠂ ᠵᠠᠭᠤᠨ ᠳ᠋ᠦᠩᠰᠢᠭᠤᠷ ᠲᠥᠭᠦᠷᠢᠭ ᠤᠨ ᠲᠡᠰ ᠤᠨ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠰᠦᠷᠦᠭᠵᠢᠯ 3 ᠣᠷᠴᠢᠮ ᠢ ᠪᠤᠢ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠭᠦᠨ ᠤ ᠥᠷᠲᠡᠭ ᠲᠤ ᠡᠵᠡᠯᠡᠬᠦ | ᠬᠤᠪᠢ ᠶᠢᠨ ᠵᠢᠩ ᠢ 33 % ᠠᠴᠠ ᠳᠠᠪᠠᠭᠤᠯᠤᠨ᠎ᠠ᠃ | ᠬᠤᠶᠠᠳᠤᠭᠠᠷ ᠲᠤ᠂ ᠪᠣᠬᠢᠷᠲᠤᠯ ᠦᠭᠡᠢ ᠦᠢᠯᠡᠳᠬᠦ ᠰᠢᠰᠲ᠋ᠧᠮᠵᠢ᠃ ᠡᠨᠡ ᠲᠠᠯ᠎ᠠ ᠪᠠᠷ᠂ ᠪᠢᠳᠡ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠪᠣᠬᠢᠷᠲᠤᠯ ᠥᠬᠡᠶ ᠦᠢᠯᠡᠳᠬᠦ ᠪᠠᠷᠢᠮᠵᠢᠶ᠎ᠠ ᠶᠢ | ᠦᠷᠭᠦᠯᠵᠢᠯᠡᠨ ᠡᠭᠦᠳᠦᠨ ᠪᠠᠶᠢᠭᠤᠯᠬᠤ ᠪᠠ ᠬᠡᠷᠡᠭᠵᠢᠭᠦᠯᠵᠦ᠂ ᠨᠢᠭᠡ ᠪᠦᠯᠦᠭ ᠪᠣᠬᠢᠷᠲᠤᠯ ᠥᠬᠡᠶ ᠵᠢᠷᠤᠭ ᠲᠦᠰᠦᠪ ᠤᠨ | ᠪᠦᠳᠦᠭᠡᠭᠳᠡᠭᠦᠨ ᠢ ᠴᠢᠷᠮᠠᠶᠢᠨ ᠨᠡᠭᠡᠭᠡᠨ ᠬᠥᠭᠵᠢᠭᠦᠯᠵᠦ᠂ ᠨᠢᠭᠡ ᠪᠦᠯᠦᠭ ᠪᠣᠬᠢᠷᠲᠤᠯ ᠥᠬᠡᠶ ᠦᠢᠯᠡᠳᠪᠦᠷᠢ᠂ | ᠪᠣᠬᠢᠷᠲᠤᠯ ᠥᠬᠡᠶ ᠬᠦᠷᠢᠶᠡᠯᠡᠩ ᠲᠣᠭᠤᠷᠢᠭ ᠢ ᠪᠤᠶᠢᠵᠢᠭᠤᠯᠤᠨ ᠡᠭᠦᠳᠦᠨ ᠪᠠᠶᠢᠭᠤᠯᠵᠤ᠂ ᠳᠠᠭᠠᠭᠤᠯᠤᠭᠴᠢ ᠠᠵᠤ | ᠠᠬᠤᠶᠢᠯᠠᠯ ᠤᠨ ᠲᠡᠭᠡᠳᠦ ᠳᠣᠣᠷᠠᠳᠤ ᠤᠷᠤᠰᠬᠠᠯ ᠤᠨ ᠡᠬᠢ ᠪᠠᠶᠠᠯᠢᠭ ᠢᠶᠠᠨ ᠨᠡᠶᠢᠳᠬᠡᠵᠦ ᠪᠣᠬᠢᠷᠲᠤᠯ ᠥᠬᠡᠶ | ᠬᠠᠩᠭᠠᠯᠭ᠎ᠠ ᠶᠢᠨ ᠬᠡᠯᠬᠢᠶ᠎ᠡ ᠶᠢ ᠬᠠᠮᠲᠤᠷᠠᠨ ᠪᠠᠶᠢᠭᠤᠯᠬᠤ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ | ᠥᠬᠡᠶ ᠦᠢᠯᠡᠳᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ 2021 ᠣᠨ ᠪᠣᠯᠬᠤ ᠳᠤ᠂ 8 | -10 ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ᠂ 1- 2 | ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠤ᠂ ᠭᠤᠤᠯᠯᠠᠬᠤ ᠠᠵᠤ ᠦᠢᠯᠡᠰ ᠲᠤ ᠡᠳᠦᠶ | ᠲᠡᠳᠦᠶ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠨ᠎ᠠ᠃ | ᠭᠤᠷᠪᠠᠳᠤᠭᠠᠷ ᠲᠤ᠂ ᠪᠣᠬᠢᠷᠲᠤᠯ ᠥᠬᠡᠶ ᠬᠠᠮᠢᠶᠠᠷᠤᠯᠲᠠ ᠶᠢᠨ ᠰᠢᠰᠲ᠋ᠧᠮᠵᠢ᠃ ᠡᠨᠡ ᠲᠠᠯ᠎ᠠ ᠪᠠᠷ᠂ ᠪᠢᠳᠡ | ᠭᠤᠤᠯᠳᠠᠭᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠤᠨ ᠲᠠᠯ᠎ᠠ ᠠᠴᠠ | ᠡᠨᠧᠷᠭᠢ ᠶᠢᠨ ᠠᠰᠢᠭᠯᠠᠮᠵᠢ ᠶᠢᠨ ᠦᠷ᠎ᠡ ᠪᠦᠳᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠪᠣᠳᠣᠯᠬᠢᠯᠠᠵᠤ᠂ 2021 | ᠣᠨ ᠪᠣᠯᠬᠤ ᠳᠤ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠤᠭᠳᠠᠯ ᠢ 2018 | ᠣᠨ ᠤ ᠬᠢ ᠠᠴᠠ 4.5 % ᠪᠠᠭᠤᠷᠠᠭᠤᠯᠵᠤ᠂ ᠤᠰᠤᠨ ᠤ ᠬᠤᠷᠤᠭᠳᠠᠯ ᠢ 5 % ᠣᠷᠴᠢᠮ ᠪᠠᠭᠤᠷᠠᠭᠤᠯᠵᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠥᠪᠡᠷᠲᠡᠭᠡᠨ | ᠵᠠᠰᠠᠬᠤ ᠣᠷᠣᠨ ᠤ ᠳᠤᠮᠳᠠᠴᠢ ᠪᠠᠷᠢᠮᠵᠢᠶ᠎ᠠ ᠳᠤ ᠬᠦᠷᠭᠡᠨ᠎ᠡ᠃ ᠡᠭᠦᠨ ᠤ ᠬᠠᠮᠲᠤ ᠡᠨᠧᠷᠭᠢ ᠶᠢᠨ ᠬᠤᠷᠤᠭᠳᠠᠯ ᠢ | ᠰᠦᠯᠵᠢᠶᠡᠨ ᠳᠡᠭᠡᠷ᠎ᠡ ᠬᠢᠨᠠᠨ ᠬᠡᠮᠵᠢᠬᠦ ᠢᠨᠵᠧᠨᠧᠷᠢᠩ ᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠠᠵᠢᠯ | ᠲᠥᠷᠥᠯ ᠳᠤ ᠠᠳᠠᠭ ᠲᠠᠭᠠᠨ ᠨᠢᠭᠡ ᠡᠭᠡᠯᠵᠢ ᠶᠢᠨ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ | ᠬᠠᠷᠭᠤᠭᠤᠯᠤᠯᠲᠠ ᠶᠢ ᠪᠡᠶᠡᠯᠡᠭᠦᠯᠦᠨ᠎ᠡ᠃ | [ ᠬᠦᠳᠦᠯᠦᠭᠴᠢ ] | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠨᠢ ᠪᠤᠳᠠᠳᠠᠢ ᠭᠡᠷᠡᠭᠵᠢᠬᠦᠯᠬᠦ | ᠶᠠᠪᠤᠴᠠ ᠳᠤᠮᠳᠠ ᠪᠠᠨ ᠶᠠᠮᠠᠷ ᠶᠠᠮᠠᠷ ᠪᠣᠳᠠᠲᠠᠶ ᠡᠭᠦᠷᠭᠡ ᠲᠠᠢ ᠪᠣᠶ︖ | [ ᠶᠣᠣ ᠪᠣᠣ ᠮᠢᠩ ] | ᠳᠡᠭᠡᠷ᠎ᠡ ᠳᠤᠷᠠᠳᠤᠭᠰᠠᠨ ᠪᠣᠳᠠᠲᠠᠶ ᠬᠠᠷᠠᠯᠲᠠ ᠶᠤᠰᠤᠭᠠᠷ᠂ ᠪᠢᠳᠡ 6 ᠲᠠᠯ᠎ᠠ᠂ 19 ᠪᠣᠳᠠᠲᠠᠶ ᠡᠭᠦᠷᠭᠡ | ᠪᠣᠯᠭᠠᠨ ᠨᠠᠷᠢᠰᠬᠠᠪᠠ᠃ | ᠨᠢᠭᠡᠳᠦᠭᠡᠷ ᠲᠠᠯ᠎ᠠ ᠳᠤ᠂ ᠤᠯᠠᠮᠵᠢᠯᠠᠯᠲᠤ ᠠᠵᠤ ᠦᠢᠯᠡᠰ ᠢ ᠪᠣᠬᠢᠷᠲᠤᠯ ᠥᠬᠡᠶ ᠪᠣᠯᠭᠠᠨ ᠥᠭᠡᠷᠡᠴᠢᠯᠡᠬᠦ ᠶᠢ | ᠲᠦᠷᠭᠡᠳᠬᠡᠵᠦ᠂ | ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠰᠠᠭᠤᠷᠢ ᠶᠢ ᠰᠢᠯᠢᠳᠡᠭᠵᠢᠭᠦᠯᠦᠨ᠎ᠡ᠃ 4 | ᠵᠦᠢᠯ ᠤᠨ ᠪᠣᠳᠠᠲᠠᠶ ᠡᠭᠦᠷᠭᠡ ᠪᠣᠯ᠄ | ᠨᠢᠭᠡ ᠳᠤ᠂ ᠰᠦ ᠶᠢᠨ ᠠᠵᠤ ᠦᠢᠯᠡᠰ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ᠃ | ︽ᠬᠦᠬᠡᠬᠤᠳᠠ ᠶᠢᠨ ᠰᠦ ᠶᠢᠨ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ︵2018 -2020︶︾ ᠶᠢᠨ ᠲᠣᠭᠤᠷᠢᠨ ᠳᠤ᠂ ᠢᠯᠢ᠂ ᠮᠧᠩ ᠨᠢᠤ ᠬᠤᠶᠠᠷ | ᠲᠤᠯᠤᠭᠠᠶᠢᠯᠠᠭᠴᠢ ᠠᠵᠤ ᠠᠬᠤᠶᠢᠯᠠᠯ ᠤᠨ ᠡᠷᠡᠭᠦᠯ ᠮᠡᠨᠳᠦ ᠶᠢᠨ ᠢᠳᠡᠭᠡᠨ ᠤ ᠠᠵᠤ ᠦᠢᠯᠡᠰ ᠤᠨ ᠬᠦᠷᠢᠶᠡᠯᠡᠩ | ᠲᠣᠭᠤᠷᠢᠭ᠂ ᠤᠯᠤᠰ ᠤᠨ ᠲᠡᠰ ᠤᠨ ᠰᠦ ᠶᠢᠨ ᠠᠵᠤ ᠦᠢᠯᠡᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ | ᠡᠭᠦᠳᠬᠦ ᠰᠠᠭᠤᠷᠢᠨ ᠭᠠᠵᠠᠷ᠂ ᠤᠶᠤᠨᠳᠤ ᠦᠢᠯᠡᠳᠬᠦ ᠵᠢᠱᠢᠶ᠎ᠡ ᠦᠵᠡᠭᠦᠯᠬᠦ ᠦᠢᠯᠡᠳᠪᠦᠷᠢ᠂ ᠤᠯᠤᠰ ᠤᠨ ᠲᠡᠰ ᠤᠨ | ᠪᠣᠬᠢᠷᠲᠤᠯ ᠥᠬᠡᠶ ᠦᠢᠯᠡᠳᠪᠦᠷᠢ᠂ ︽ᠰᠦ ᠶᠢᠨ ᠦᠢᠯᠡᠰ ᠤᠨ ᠠᠯᠲᠠᠨ ᠬᠥᠨᠳᠡᠶ︾ ᠶᠢᠨ ᠣᠨᠴᠠᠯᠢᠭᠲᠤ ᠵᠢᠵᠢᠭ | ᠪᠠᠯᠭᠠᠰᠤ ᠵᠡᠷᠭᠡ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠴᠢᠶᠠᠯᠠᠪᠤᠷᠢ ᠶᠢ ᠲᠦᠷᠭᠡᠳᠬᠡᠨ ᠪᠠᠶᠢᠭᠤᠯᠬᠤ ᠶᠢ | ᠳᠠᠮᠵᠢᠵᠤ᠂ ᠰᠦ ᠶᠢᠨ ᠠᠵᠤ ᠦᠢᠯᠡᠰ ᠤᠨ ᠰᠦᠷᠦᠭᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠶᠢ 2000 | ᠳ᠋ᠦᠩᠰᠢᠭᠤᠷ ᠲᠥᠭᠦᠷᠢᠭ ᠲᠡᠰᠢ ᠠᠬᠢᠭᠤᠯᠤᠨ᠂ ᠰᠦ ᠶᠢᠨ ᠦᠢᠯᠡᠰ ᠤᠨ 4.0 ᠪᠠ ︽ᠳᠤᠮᠳᠠᠳᠤᠤᠯᠤᠰ ᠤᠨ | ᠰᠦ ᠶᠢᠨ ᠬᠤᠲᠠ︾ ᠶᠢᠨ ᠳᠡᠰ ᠳᠡᠪᠰᠢᠬᠦ ᠶᠢ ᠲᠦᠷᠭᠡᠳᠬᠡᠨ ᠪᠡᠶᠡᠯᠡᠭᠦᠯᠦᠨ᠎ᠡ᠃ | ᠬᠤᠶᠠᠷ ᠲᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠴᠢᠯᠠᠭᠤᠨ ᠲᠤᠰᠤ ᠬᠢᠮᠢ ᠶᠢᠨ ᠠᠵᠤ ᠦᠢᠯᠡᠰ ᠤᠨ ᠣᠳᠣ ᠶᠢᠨ | ᠪᠠᠶᠢᠭ᠎ᠠ ᠰᠠᠭᠤᠷᠢ ᠳᠤ ᠰᠠᠭᠤᠷᠢᠯᠠᠨ᠂ ᠮᠠᠨ ᠤ ᠬᠤᠲᠠ ᠶᠢᠨ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠶᠢ ᠲᠦᠷᠭᠡᠯᠡᠨ ᠲᠣᠭᠲᠠᠭᠠᠵᠤ᠂ ᠳᠤᠮᠳᠠᠳᠤ | ᠤᠯᠤᠰ ᠤᠨ ᠴᠢᠯᠠᠭᠤᠨ ᠲᠤᠰᠤ ᠶᠢᠨ ᠬᠥᠬᠡᠬᠤᠲᠠ ᠶᠢᠨ ᠴᠢᠯᠠᠭᠤᠨ ᠲᠤᠰᠤ ᠬᠢᠮᠢ᠂ ᠳᠤᠮᠳᠠᠳᠤ ᠤᠯᠤᠰ ᠤᠨ | ᠳᠠᠯᠠᠢ ᠶᠢᠨ ᠴᠢᠯᠠᠭᠤᠨ ᠲᠣᠰᠣᠨ ᠤ ᠲᠢᠶᠠᠨ ᠶᠧ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠤ | ᠠᠬᠤᠶᠢᠯᠠᠯ ᠤᠨ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ ᠶᠢ ᠯᠠᠪᠳᠠᠭᠤᠨ ᠠᠬᠢᠭᠤᠯᠵᠤ᠂ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠦᠨ᠎ᠡ᠃ ᠲᠤᠭᠲᠠᠬᠤ ᠴᠢᠩ ᠱᠦᠢ ᠡᠾᠧ ᠤᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢᠶᠠᠷ ᠠᠴᠢᠶᠠᠯᠠᠪᠤᠷᠢ ᠪᠣᠯᠭᠠᠨ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠨᠠᠷᠢᠯᠢᠭ | ᠬᠢᠮᠢ ᠶᠢᠨ ᠠᠵᠤ ᠦᠢᠯᠡᠳᠪᠦᠷᠢ ᠵᠡᠷᠭᠡ ᠬᠦᠨᠳᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠵᠤ᠂ ᠮᠠᠨ ᠤ ᠬᠤᠲᠠ ᠶᠢᠨ ᠬᠦᠨᠳᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠲᠤᠭᠲᠠᠬᠤ ᠴᠢᠩ ᠱᠦᠢ ᠡᠾᠧ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠰᠢ | ᠲᠥᠪᠯᠡᠷᠡᠬᠦ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ᠂ ᠨᠠᠷᠢᠯᠢᠭᠵᠢᠭᠰᠠᠨ᠂ ᠤᠷᠴᠢᠯᠳᠤᠭᠰᠠᠨ ᠠᠵᠤ | ᠦᠢᠯᠡᠰ ᠤᠨ ᠰᠦᠷᠦᠭᠵᠢᠯ ᠢ ᠪᠤᠢ ᠪᠣᠯᠭᠠᠨ᠎ᠠ᠃ | ᠭᠤᠷᠪᠠ ᠳᠤ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠎ᠠ᠃ ᠪᠣᠬᠢᠷᠲᠤᠯ ᠦᠭᠡᠢ ᠪᠠᠷᠢᠯᠭ᠎ᠠ ᠪᠣᠯᠤᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ | ᠪᠣᠯᠤᠨ ᠪᠠᠷᠢᠯᠭ᠎ᠠ ᠶᠢᠨ ᠮᠠᠲ᠋ᠧᠷᠢᠶᠠᠯ ᠤᠨ ᠤᠭᠰᠠᠷᠠᠭ᠎ᠠ ᠦᠢᠯᠡᠳᠭᠦᠨ ᠤᠭᠰᠠᠷᠠᠭ᠎ᠠ ᠲᠣᠨᠤᠭ ᠢ ᠬᠥᠭᠵᠢᠭᠦᠯᠵᠦ᠂ | ᠤᠭᠰᠠᠷᠠᠮᠠᠯ ᠮᠠᠶ᠋ᠢᠭ ᠤᠨ ᠪᠠᠷᠢᠯᠭ᠎ᠠ ᠳᠤ ᠲᠣᠬᠢᠷᠠᠬᠤ ᠱᠦᠢᠨᠢ ᠶᠢᠨ ᠰᠠᠭᠤᠷᠢ ᠮᠠᠲ᠋ᠧᠷᠢᠶᠠᠯ ᠵᠢᠴᠢ ᠦᠢᠯᠡᠳᠭᠦᠨ ᠢ | ᠨᠡᠭᠡᠭᠡᠨ ᠬᠥᠭᠵᠢᠭᠦᠯᠵᠦ ᠳᠡᠯᠭᠡᠷᠡᠭᠦᠯᠦᠨ᠎ᠡ᠃ ᠪᠠᠷᠢᠯᠭ᠎ᠠ ᠶᠢᠨ ᠡᠨᠧᠷᠭᠢ ᠠᠷᠪᠢᠯᠠᠬᠤ ᠰᠢᠯ᠂ ᠭᠠᠳᠠᠷ ᠬᠡᠷᠡᠮ ᠳᠤ ᠬᠡᠷᠡᠭᠯᠡᠬᠦ | ᠭᠠᠯ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠮᠠᠲ᠋ᠧᠷᠢᠶᠠᠯ᠂ ᠰᠢᠲᠠᠬᠤ ᠶᠢ ᠬᠤᠷᠢᠭᠯᠠᠵᠤ ᠢᠯᠴᠢ ᠪᠠ ᠤᠰᠤ | ᠰᠡᠷᠭᠡᠶᠢᠯᠡᠬᠦ ᠮᠠᠲ᠋ᠧᠷᠢᠶᠠᠯ᠂ ᠬᠥᠩᠭᠡᠨ ᠴᠢᠨᠠᠷ ᠤᠨ ᠡᠨᠧᠷᠭᠢ ᠠᠷᠪᠢᠯᠠᠬᠤ ᠬᠡᠷᠡᠮ ᠤᠨ ᠮᠠᠲ᠋ᠧᠷᠢᠶᠠᠯ᠂ ᠣᠷᠴᠢᠨ | ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠵᠢᠴᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠢᠯᠠᠭᠠᠷᠠᠭᠤᠯᠤᠭᠰᠠᠨ ᠴᠠᠬᠢᠭᠤᠷ ᠺᠠᠯᠼ ᠤᠨ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠰᠢᠩᠭᠡᠭᠡᠨ ᠠᠪᠴᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠃ | ᠳᠥᠷᠪᠡ ᠳᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠴᠢᠩᠭ᠎ᠠ ᠰᠢᠭᠰᠢᠭᠳᠡᠭᠦᠯᠦᠨ᠎ᠡ᠃ | ᠡᠨᠧᠷᠭᠢ ᠶᠢᠨ ᠬᠤᠷᠤᠭᠳᠠᠯ ᠪᠣᠯᠤᠨ ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠬᠦ ᠦᠭᠡᠢ᠂ ᠶᠠᠰᠤ ᠴᠢᠨᠠᠷ᠂ | ᠠᠶᠤᠯᠬᠦᠢ ᠶᠢᠨ ᠬᠢᠷᠢ ᠲᠦᠪᠰᠢᠨ ᠳᠣᠤᠷ᠎ᠠ᠂ ᠠᠵᠢᠯ ᠤᠨ ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠢᠶᠠᠷ | ᠬᠦᠨᠳᠦ ᠨᠣᠴᠢᠲᠠᠶ ᠬᠤᠴᠣᠷᠤᠩᠭᠤᠶ ᠤᠷᠠᠨ ᠳᠠᠷᠬ᠎ᠠ᠂ ᠮᠡᠷᠭᠡᠵᠢᠯ ᠪᠣᠯᠤᠨ ᠲᠣᠨᠤᠭ ᠲᠥᠬᠦᠭᠡᠷᠦᠮᠵᠢ ᠶᠢ ᠬᠠᠤᠯᠢ | ᠲᠣᠭᠲᠠᠭᠠᠯ ᠶᠣᠰᠣᠭᠠᠷ ᠰᠢᠭᠰᠢᠭᠳᠡᠭᠦᠯᠦᠨ᠎ᠡ᠃ | ᠬᠤᠶᠠᠳᠤᠭᠠᠷ ᠲᠠᠯ᠎ᠠ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠦᠭᠵᠢᠭᠰᠡᠨ ᠠᠵᠤ | ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ | ᠰᠢᠨ᠎ᠡ ᠬᠥᠳᠡᠯᠭᠡᠬᠦ ᠬᠦᠴᠦᠨ ᠢ ᠪᠦᠷᠢᠯᠳᠦᠭᠦᠯᠦᠨ᠎ᠡ᠃ | 4 ᠵᠦᠢᠯ ᠤᠨ ᠪᠣᠳᠠᠲᠠᠶ ᠡᠭᠦᠷᠭᠡ ᠪᠣᠯ᠄ | ᠨᠢᠭᠡ ᠳᠤ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠤᠨ᠎ᠠ᠃ ᠶᠢᠨ ᠢᠦᠶ ᠣᠯᠠᠨ ᠤᠯᠤᠰ ᠤᠨ ᠠᠮᠢᠳᠤ ᠪᠣᠳᠠᠰ ᠤᠨ ᠮᠡᠷᠭᠡᠵᠢᠯ ᠤᠨ ᠠᠵᠤ | ᠦᠢᠯᠡᠰ ᠤᠨ ᠬᠦᠷᠢᠶᠡᠯᠡᠩ ᠵᠢᠴᠢ ᠲᠡᠭᠡᠳᠦ ᠲᠡᠰ ᠤᠨ ᠠᠮᠢᠳᠤ ᠪᠣᠳᠠᠰ ᠤᠨ ᠠᠶᠤᠯᠬᠦᠢ ᠶᠢᠨ ᠲᠤᠷᠰᠢᠯᠲᠠ ᠶᠢᠨ ᠲᠠᠰᠤᠭ | ᠂ ᠶᠢᠨ ᠾᠧ ᠶᠢᠦ ᠪᠧᠨ ᠸᠠᠺᠼᠢᠨ᠂ ᠢ ᠳ᠋ᠦᠸᠧ ᠯᠢ ᠠᠮᠢᠳᠤ ᠪᠣᠳᠠᠰ ᠤᠨ ᠬᠠᠲᠠᠭᠤ ᠪᠡᠶᠡᠲᠦ ᠢᠰᠬᠡᠭᠦᠷ ᠤᠨ | ᠨᠠᠶᠢᠷᠠᠯᠭ᠎ᠠ᠂ ᠱᠢ ᠵᠢᠢ ᠹᠦ᠋ ᠺᠠᠩ ᠤᠤᠭᠤᠬᠤ ᠰᠢᠩᠭᠡᠨ ᠵᠡᠷᠭᠡ ᠭᠤᠤᠯᠳᠠᠯᠭ᠎ᠠ ᠲᠠᠢ ᠦᠢᠯᠡᠳᠪᠦᠷᠢᠯᠡᠯ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠢᠳᠤ ᠪᠣᠳᠠᠰ ᠤᠨ ᠸᠠᠺᠼᠢᠨ᠂ ᠠᠮᠢᠳᠤ | ᠪᠣᠳᠠᠰ ᠤᠨ ᠢᠰᠬᠡᠭᠦᠷ᠂ ᠮᠣᠩᠭᠤᠯ ᠬᠢᠲᠠᠳ ᠡᠮ ᠵᠡᠷᠭᠡ ᠲᠡᠭᠡᠳᠦ ᠲᠡᠰ ᠤᠨ ᠦᠢᠯᠡᠳᠭᠦᠨ ᠢ ᠬᠥᠭᠵᠢᠭᠦᠯᠦᠨ | ᠪᠤᠵᠠᠭᠠᠶᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠲᠦᠭᠦᠬᠡᠶ ᠡᠳ᠋ ᠢ ᠴᠡᠪᠡᠷᠰᠢᠭᠦᠯᠬᠦ᠂ ᠪᠣᠬᠢᠷᠲᠤᠯ ᠥᠬᠡᠶ | ᠪᠣᠯᠭᠠᠵᠤ ᠬᠡᠯᠪᠡᠷᠢ ᠶᠢ ᠬᠤᠪᠢᠷᠠᠭᠤᠯᠤᠨ ᠳᠡᠭᠡᠭᠰᠢᠯᠡᠭᠦᠯᠬᠦ ᠶᠢ ᠠᠬᠢᠭᠤᠯᠤᠨ᠎ᠠ᠃ | ᠬᠤᠶᠠᠷ ᠲᠤ᠂ ᠭᠡᠷᠡᠯ ᠸᠤᠯᠲ ᠤᠨ ᠮᠠᠲ᠋ᠧᠷᠢᠶᠠᠯ ᠤᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ | ᠠᠬᠢᠭᠤᠯᠤᠨ᠎ᠠ᠃ ᠵᠦᠩ ᠬᠤᠸᠠᠨ ᠭᠡᠷᠡᠯ ᠸᠣᠯᠲ ᠤᠨ ᠳᠠᠩ ᠲᠠᠯᠠᠰᠲᠤ ᠴᠠᠬᠢᠭᠤᠷ ᠤᠨ ᠲᠠᠪᠤᠳᠤᠭᠠᠷ ᠬᠤᠭᠤᠴᠠᠭ᠎ᠠ᠂ | ᠬᠤᠪᠢᠯᠭᠠᠨ ᠵᠡᠪᠢ ᠴᠠᠬᠢᠭᠤᠷ ᠤᠨ ᠦᠢᠯᠡᠰ ᠤᠨ 1.5 -1.8 ᠲᠦᠮᠡᠨ ᠲᠣᠨ ᠤ ᠲᠡᠰ ᠤᠨ ᠣᠯᠠᠨ ᠲᠠᠯᠠᠰᠲᠤ | ᠴᠠᠬᠢᠭᠤᠷ᠂ ᠡᠸᠥ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠥᠭᠡᠬᠦᠨ ᠴᠢᠯᠠᠭᠤᠨ ᠬᠠᠶᠢᠯᠤᠭᠤᠷ ᠤᠨ ᠬᠤᠶᠠᠳᠤᠭᠠᠷ | ᠬᠤᠭᠤᠴᠠᠭ᠎ᠠ᠂ ᠵᠦᠩ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠰᠢᠨ᠎ᠡ | ᠬᠡᠯᠪᠡᠷᠢ ᠶᠢᠨ ᠨᠡᠭᠦᠷᠡᠰᠦᠲᠥ᠋ᠷᠥᠭᠴᠢ ᠰᠢᠷᠬᠡᠭ ᠤᠨ ᠨᠡᠶᠢᠯᠡᠮᠡᠯ ᠠᠵᠤ ᠦᠢᠯᠡᠰᠵᠢᠭᠦᠯᠬᠦ᠂ ᠵᠦᠩ ᠬᠤᠸᠠᠨ ᠯᠢᠩ ᠰᠢᠶᠠᠨ | ᠴᠠᠬᠢᠭᠤᠷ ᠤᠨ ᠳᠠᠩ ᠲᠠᠯᠠᠰᠲᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠵᠦᠩ ᠬᠤᠸᠠᠨ ᠯᠢᠩ | ᠰᠢᠶᠠᠨ ᠤ ᠪᠦᠳᠦᠭᠡᠨ ᠪᠠᠶᠢᠭᠤᠯᠤᠯᠳᠠ᠂ ᠲᠣᠮᠣ ᠳ᠋ᠢᠶᠠᠮᠧᠳ᠋ᠷ ᠤᠨ ᠴᠠᠬᠢᠭᠤᠷ ᠤᠨ ᠳᠠᠩ ᠲᠠᠯᠠᠰᠲᠤ | ᠦᠢᠯᠡᠳᠪᠦᠷᠢᠯᠡᠬᠦ ᠶᠢ ᠶᠡᠬᠡᠪᠡᠷ ᠲᠡᠮᠵᠢᠵᠦ᠂ 2021 ᠣᠨ ᠪᠣᠯᠬᠤ ᠳᠤ ᠬᠠᠭᠠᠰ ᠳᠠᠮᠵᠢᠭᠤᠯᠤᠭᠴᠢ ᠶᠢᠨ ᠲᠦᠢᠯ ᠤᠨ | ᠴᠠᠬᠢᠭᠤᠷ ᠤᠨ ᠳᠠᠩ ᠲᠠᠯᠠᠰᠲᠤ ᠦᠢᠯᠡᠳᠪᠦᠷᠢᠯᠡᠬᠦ ᠴᠢᠳᠠᠪᠤᠷᠢ ᠶᠢ 1200 ᠲᠣᠨ ᠪᠡᠶᠡᠯᠡᠭᠦᠯᠬᠦ ᠪᠠᠷ ᠴᠢᠷᠮᠠᠶᠢᠵᠤ᠂ | ᠭᠡᠷᠡᠯ ᠸᠤᠯᠲ ᠤᠨ ᠠᠵᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ | ᠭᠤᠷᠪᠠ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠪᠣᠬᠢᠷᠲᠤᠯ ᠦᠭᠡᠢ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠺᠠᠢ ᠸᠦᠸᠧ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠠᠵᠤ | ᠦᠢᠯᠡᠰ ᠤᠨ ᠰᠠᠭᠤᠷᠢᠨ ᠭᠠᠵᠠᠷ᠂ ᠵᠦᠩ ᠯᠢ ᠰᠢᠨ᠎ᠡ ᠮᠠᠲ᠋ᠧᠷᠢᠶᠠᠯ ᠤᠨ ᠰᠠᠷᠢᠰᠤ ᠵᠡᠷᠭᠡ ᠭᠤᠤᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠭᠦᠨ ᠤ ᠬᠠᠮᠲᠤ᠂ ᠳᠡᠯᠭᠡᠷᠡᠭᠦᠯᠦᠨ | ᠬᠡᠷᠡᠭᠯᠡᠬᠦ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠲᠣᠮᠣ ᠪᠠᠷᠠᠭ᠎ᠠ ᠶᠢᠨ ᠬᠦᠢᠯᠭᠡᠭᠡ᠂ | ᠲᠦᠷᠢᠶᠡᠰᠦᠯᠡᠭᠦᠯᠬᠦ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠵᠢᠯᠣᠭᠤᠴᠢ ᠶᠢᠨ ᠰᠤᠷᠭᠠᠭᠤᠯᠢ ᠳᠤ ᠬᠡᠷᠡᠭᠯᠡᠬᠦ ᠲᠡᠷᠭᠡ | ᠵᠡᠷᠭᠡ ᠬᠦᠷᠢᠶᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ᠎ᠡ᠃ | ᠳᠥᠷᠪᠡ ᠳᠤ᠂ ᠡᠯᠧᠺᠳ᠋ᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ | ᠲᠦᠯᠬᠢᠨ ᠠᠬᠢᠭᠤᠯᠤᠨ᠎ᠠ᠃ ᠴᠤᠸᠠᠩ ᠸᠧᠶ ᠡᠯᠧᠺᠳ᠋ᠷᠣᠨ ᠤᠶᠤᠨᠳᠤ ᠭᠡᠷ ᠤᠨ ᠴᠠᠬᠢᠯᠭᠠᠨ ᠬᠡᠷᠡᠭᠰᠡᠯ ᠤᠨ ᠠᠵᠤ | ᠦᠢᠯᠡᠰ ᠤᠨ ᠬᠦᠷᠢᠶᠡᠯᠡᠩ ᠢ ᠨᠡᠭᠦᠯᠭᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ᠃ | ᠬᠡᠷᠡᠭᠯᠡᠭᠡᠨ ᠤ ᠡᠯᠧᠺᠳ᠋ᠷᠣᠨ᠂ ᠦᠢᠯᠡᠴᠢᠯᠡᠭᠦᠷ ᠦᠢᠯᠡᠳᠬᠦ᠂ ᠤᠶᠤᠨᠲᠤ ᠭᠡᠷ ᠤᠨ ᠴᠠᠬᠢᠯᠭᠠᠨ ᠬᠡᠷᠡᠭᠰᠡᠯ᠂ ᠤᠶᠤᠨᠲᠤ | ᠮᠠᠰᠢᠨ ᠬᠥᠮᠦᠨ᠂ 3 D ᠳᠠᠷᠤᠮᠠᠯᠯᠠᠬᠤ ᠵᠡᠷᠭᠡ ᠠᠵᠤ ᠠᠬᠤᠶᠢᠯᠠᠯ ᠪᠣᠯᠤᠨ ᠲᠥᠷᠥᠯ ᠵᠦᠢᠯ ᠢ ᠢᠳᠡᠪᠬᠢᠲᠡᠶ ᠪᠠᠷ | ᠣᠷᠣᠭᠤᠯᠵᠤ ᠢᠷᠡᠨ᠂ ᠪᠠᠷᠠᠭᠤᠨ ᠬᠤᠶᠢᠲᠤ ᠣᠷᠣᠨ ᠢ ᠨᠥᠯᠥᠭᠡᠯᠡᠬᠦ ᠡᠯᠧᠺᠳ᠋ᠷᠣᠨ ᠮᠡᠳᠡᠭᠡ ᠵᠠᠩᠭᠢ ᠶᠢᠨ ᠠᠵᠤ | ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ | ᠭᠤᠷᠪᠠᠳᠤᠭᠠᠷ ᠲᠠᠯ᠎ᠠ ᠳᠤ᠂ ᠪᠣᠬᠢᠷᠲᠤᠯ ᠥᠬᠡᠶ ᠦᠢᠯᠡᠳᠬᠦ ᠪᠠᠷᠢᠮᠵᠢᠶ᠎ᠠ ᠪᠠᠷ ᠪᠠᠷᠢᠮᠵᠢᠶᠠᠯᠠᠵᠤ᠂ ᠪᠣᠬᠢᠷᠲᠤᠯ | ᠥᠬᠡᠶ ᠦᠢᠯᠡᠳᠬᠦ ᠰᠢᠰᠲ᠋ᠧᠮᠵᠢ ᠶᠢᠨ ᠠᠯᠬᠤᠮ ᠠᠯᠬᠤᠮ ᠢᠶᠠᠷ ᠪᠦᠷᠢᠯᠳᠦᠬᠦ ᠶᠢ ᠠᠬᠢᠭᠤᠯᠤᠨ᠎ᠠ᠃ | 4 ᠵᠦᠢᠯ ᠤᠨ ᠪᠣᠳᠠᠲᠠᠶ ᠡᠭᠦᠷᠭᠡ ᠪᠣᠯ᠄ | ᠨᠢᠭᠡ ᠳᠤ᠂ ᠪᠣᠬᠢᠷᠲᠤᠯ ᠦᠭᠡᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ᠢᠳᠡᠭᠡᠨ᠂ ᠪᠠᠷᠢᠯᠭ᠎ᠠ ᠶᠢᠨ | ᠮᠠᠲ᠋ᠧᠷᠢᠶᠠᠯ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶ᠎ᠡ | ᠴᠠᠷᠠᠭ᠎ᠠ ᠶᠢᠨ ᠲᠣᠭᠤᠷᠢᠨ ᠳᠤ᠂ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ᠂ ᠬᠡᠷᠡᠭᠯᠡᠭᠴᠢᠳ ᠯᠦᠭᠡ ᠨᠢᠭᠲᠠ | ᠬᠤᠯᠪᠣᠭ᠎ᠠ ᠲᠠᠢ᠂ ᠨᠥᠬᠦᠴᠡᠯ ᠪᠣᠯᠪᠠᠰᠤᠷᠠᠩᠭᠤᠶ ᠦᠢᠯᠡᠳᠭᠦᠨ ᠢ ᠰᠣᠩᠭᠤᠨ ᠪᠣᠬᠢᠷᠲᠤᠯ ᠥᠬᠡᠶ ᠵᠢᠷᠤᠭ | ᠲᠦᠰᠦᠪᠯᠡᠯ ᠤᠨ ᠪᠦᠳᠦᠭᠡᠭᠳᠡᠭᠦᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠤᠤᠷ ᠥᠬᠡᠶ ᠪᠣᠯᠭᠠᠬᠤ᠂ | ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠥᠨᠳᠥᠷ ᠴᠢᠨᠠᠷ ᠪᠦᠬᠦᠢ᠂ ᠤᠷᠲᠤ ᠨᠠᠰᠤᠯᠠᠬᠤ ᠪᠠ | ᠬᠤᠷᠢᠶᠠᠨ ᠠᠪᠬᠤ ᠳᠤ ᠬᠢᠯᠪᠠᠷ ᠵᠡᠷᠭᠡ ᠣᠨᠴᠠᠯᠢᠭ ᠲᠠᠢ ᠪᠣᠬᠢᠷᠲᠤᠯ ᠥᠬᠡᠶ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ | | ᠬᠤᠶᠠᠷ ᠲᠤ᠂ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠤᠨ᠎ᠠ᠃ ᠦᠢᠯᠡᠳᠪᠦᠷᠢ ᠶᠢᠨ ᠭᠡᠷ | ᠪᠠᠶᠢᠰᠢᠩ ᠢ ᠡᠷᠴᠢᠮᠵᠢᠭᠦᠯᠬᠦ᠂ ᠲᠦᠭᠦᠬᠡᠶ ᠮᠠᠲ᠋ᠧᠷᠢᠶᠠᠯ ᠢ ᠬᠤᠤᠷ ᠦᠭᠡᠶᠢᠵᠢᠭᠦᠯᠬᠦ᠂ ᠦᠢᠯᠡᠳᠪᠦᠷᠢᠯᠡᠯ ᠢ ᠴᠡᠪᠡᠷᠰᠢᠭᠦᠯᠬᠦ | ᠂ ᠬᠠᠶᠠᠭᠳᠠᠮᠠᠯ ᠡᠳ᠋ ᠢ ᠡᠬᠢ ᠪᠠᠶᠠᠯᠢᠭᠵᠢᠭᠤᠯᠬᠤ᠂ ᠡᠨᠧᠷᠭᠢ ᠶᠢ ᠳᠣᠤᠷ᠎ᠠ ᠨᠡᠭᠦᠷᠡᠰᠦᠲᠥ᠋ᠷᠥᠭᠴᠢᠵᠢᠭᠦᠯᠬᠦ ᠵᠠᠷᠴᠢᠮ | ᠶᠣᠰᠣᠭᠠᠷ ᠲᠥᠷᠥᠯ ᠬᠤᠪᠢᠶᠠᠨ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠤᠨ᠎ᠠ᠃ | ᠭᠤᠷᠪᠠ ᠳᠤ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠠᠵᠤ | ᠠᠬᠤᠶᠢᠯᠠᠯ ᠲᠦᠪᠯᠡᠷᠡᠭᠦᠯᠦᠭᠰᠡᠨ ᠬᠦᠭᠵᠢᠯᠲᠡ᠂ ᠠᠵᠤ ᠦᠢᠯᠡᠰ ᠠᠮᠢ ᠠᠬᠤᠢ ᠶᠢᠨ ᠬᠡᠯᠬᠢᠶᠡᠵᠢᠯ᠂ ᠦᠢᠯᠡᠴᠢᠯᠡᠭᠡᠨ ᠤ | ᠲᠠᠪᠴᠠᠩ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠪᠣᠬᠢᠷᠲᠤᠯ ᠦᠭᠡᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠳᠥᠷᠪᠡ ᠳᠤ᠃ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠪᠤᠢ ᠪᠣᠯᠭᠠᠨ᠎ᠠ᠃ ᠴᠠᠭᠠᠨ ᠢᠳᠡᠭᠡᠨ᠂ | ᠮᠠᠰᠢᠨ ᠲᠡᠷᠭᠡ᠂ ᠡᠯᠧᠺᠳ᠋ᠷᠣᠨ ᠴᠠᠬᠢᠯᠭᠠᠨ ᠬᠡᠷᠡᠭᠰᠡᠯ᠂ ᠴᠢᠮᠡᠭᠡ ᠬᠤᠯᠪᠣᠭ᠎ᠠ᠂ ᠮᠠᠰᠢᠨ ᠮᠧᠬᠠᠨᠢᠭ᠂ ᠲᠣᠮᠣ | ᠬᠡᠯᠪᠡᠷᠢ ᠶᠢᠨ ᠪᠦᠷᠢᠨ ᠲᠥᠬᠦᠷ ᠲᠣᠨᠤᠭ ᠲᠥᠬᠦᠭᠡᠷᠦᠮᠵᠢ ᠵᠡᠷᠭᠡ ᠠᠵᠢᠯ ᠲᠥᠷᠥᠯ ᠢᠶᠠᠷ ᠲᠦᠰᠢᠭ ᠪᠣᠯᠭᠠᠨ᠂ | ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢᠨ ᠪᠠᠷᠢᠮᠵᠢᠶ᠎ᠠ ᠪᠣᠯᠤᠨ ᠦᠢᠯᠡᠳᠪᠦᠷᠢᠯᠡᠭᠴᠢ ᠶᠢᠨ ᠬᠠᠷᠢᠭᠤᠴᠠᠯᠭ᠎ᠠ ᠶᠢ | ᠤᠷᠲᠤᠳᠬᠠᠬᠤ ᠳᠦᠷᠢᠮ ᠢᠶᠠᠷ ᠲᠤᠯᠭᠠᠭᠤᠷᠢᠯᠠᠯ ᠪᠣᠯᠭᠠᠵᠤ᠂ ᠲᠡᠭᠡᠳᠦ ᠤᠷᠤᠰᠬᠠᠯ ᠤᠨ ᠲᠦᠭᠦᠬᠡᠶ ᠮᠠᠲ᠋ᠧᠷᠢᠶᠠᠯ ᠪᠤᠶᠤ | ᠤᠭᠰᠠᠷᠠᠭ᠎ᠠ ᠲᠣᠨᠤᠭ ᠤᠨ ᠬᠠᠩᠭᠠᠯᠭ᠎ᠠ ᠶᠢᠨ ᠬᠤᠳᠠᠯᠳᠤᠭᠠᠴᠢᠨ ᠪᠣᠯᠤᠨ ᠳᠣᠣᠷᠠᠳᠤ ᠤᠷᠤᠰᠬᠠᠯ ᠤᠨ ᠡᠭᠡᠭᠦᠯᠦᠨ | ᠬᠤᠷᠢᠶᠠᠵᠤ ᠰᠢᠢᠳᠪᠦᠷᠢᠯᠡᠬᠦ ᠠᠵᠤ ᠠᠬᠤᠶᠢᠯᠠᠯ ᠢ ᠳᠠᠶᠢᠴᠢᠯᠠᠨ᠂ ᠬᠤᠳᠠᠯᠳᠤᠨ ᠠᠪᠬᠤ᠂ ᠦᠢᠯᠡᠳᠪᠦᠷᠢᠯᠡᠬᠦ᠂ ᠡᠵᠡᠩᠨᠡᠨ | ᠪᠣᠷᠣᠯᠠᠭᠤᠯᠬᠤ᠂ ᠡᠭᠡᠭᠦᠯᠦᠨ ᠬᠤᠷᠢᠶᠠᠬᠤ᠂ ᠪᠠᠷᠠᠭ᠎ᠠ ᠶᠢᠨ ᠬᠦᠢᠯᠭᠡᠭᠡ ᠵᠡᠷᠭᠡ ᠵᠠᠩᠭᠢᠯᠠᠭ᠎ᠠ ᠶᠢ ᠬᠠᠮᠤᠷᠤᠭᠰᠠᠨ | ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠴᠣᠭᠴᠠᠯᠠᠨ ᠪᠠᠶᠢᠭᠤᠯᠤᠨ᠎ᠠ᠃ | ᠳᠥᠷᠪᠡᠳᠦᠭᠡᠷ ᠲᠠᠯ᠎ᠠ ᠳᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ | ᠡᠨᠧᠷᠭᠢ ᠶᠢ ᠠᠰᠢᠭᠯᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | 3 ᠵᠦᠢᠯ ᠤᠨ ᠪᠣᠳᠠᠲᠠᠶ ᠡᠭᠦᠷᠭᠡ ᠪᠣᠯ᠄ | ᠨᠢᠭᠡ ᠳᠤ᠂ ᠪᠦᠲᠦᠴᠡ ᠶᠢᠨ ᠡᠨᠧᠷᠭᠢ ᠠᠷᠪᠢᠯᠠᠬᠤ ᠶᠢ ᠲᠦᠯᠬᠢᠨ ᠠᠬᠢᠭᠤᠯᠤᠨ᠎ᠠ᠃ ᠡᠨᠧᠷᠭᠢ ᠠᠷᠪᠢᠯᠠᠬᠤ ᠶᠢ | ᠦᠨᠡᠯᠡᠨ ᠵᠢᠱᠢᠬᠦ ᠬᠡᠷᠡᠭ ᠶᠠᠪᠤᠳᠠᠯ ᠤᠨ ᠳᠤᠮᠳᠠ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠡᠨᠧᠷᠭᠢ ᠶᠢᠨ ᠬᠤᠷᠣᠭᠳᠠᠯ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠣᠷᠣᠬᠤ | ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠨᠧᠷᠬᠢ ᠶᠢᠨ ᠬᠤᠷᠤᠭᠳᠠᠯ ᠶᠡᠭᠡ ᠠᠵᠢᠯ ᠲᠥᠷᠥᠯ ᠤᠨ | ᠦᠢᠯᠡᠳᠪᠦᠷᠢᠯᠡᠬᠦ ᠴᠢᠳᠠᠮᠵᠢ ᠪᠠᠨ ᠥᠷᠭᠡᠳᠬᠦ ᠶᠢ ᠴᠢᠩᠭ᠎ᠠ ᠬᠢᠵᠠᠭᠠᠷᠯᠠᠨ᠎ᠠ᠃ ᠠᠵᠤ ᠠᠬᠤᠶᠢᠯᠠᠯ ᠤᠨ ᠳᠠᠬᠢᠨᠡᠭᠦᠰᠴᠦ | ᠪᠣᠯᠬᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠶᠢ ᠵᠤᠷᠢᠭᠵᠢᠭᠤᠯᠵᠤ᠂ ᠨᠦᠬᠦᠴᠡᠯ | ᠪᠦᠷᠢᠯᠳᠦᠭᠦᠯᠦᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠤᠶᠤ ᠠᠵᠤ ᠠᠬᠤᠶᠢᠯᠠᠯ ᠳᠤ ᠨᠡᠭᠦᠷᠡᠰᠦ ᠶᠢ | ᠬᠡᠢ ᠪᠣᠯᠭᠠᠨ ᠥᠭᠡᠷᠡᠴᠢᠯᠡᠬᠦ ᠪᠤᠶᠤ ᠳᠠᠬᠢᠨ ᠡᠭᠦᠰᠴᠦ ᠪᠣᠯᠬᠤ ᠡᠨᠧᠷᠭᠢ ᠪᠠᠷ ᠴᠢᠯᠠᠭᠤᠨ ᠲᠤᠰᠤ ᠬᠢᠮᠢ ᠶᠢᠨ ᠡᠨᠧᠷᠭᠢ ᠶᠢ | ᠣᠷᠣᠯᠠᠭᠤᠯᠬᠤ ᠶᠢ ᠬᠡᠷᠡᠭᠵᠢᠭᠦᠯᠦᠨ᠎ᠡ᠃ | ᠬᠤᠶᠠᠷ ᠲᠤ᠂ ᠮᠡᠷᠭᠡᠵᠢᠯ ᠤᠨ ᠡᠨᠧᠷᠭᠢ ᠠᠷᠪᠢᠯᠠᠬᠤ ᠶᠢ ᠴᠢᠩᠭᠠᠳᠬᠠᠨ᠎ᠠ᠃ ᠤᠯᠠᠮᠵᠢᠯᠠᠯᠲᠤ ᠠᠵᠢᠯ | ᠲᠥᠷᠥᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠡᠨᠧᠷᠭᠢ ᠶᠢᠨ ᠠᠰᠢᠭᠯᠠᠮᠵᠢ ᠶᠢ | ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠤᠨ᠎ᠠ᠃ ᠡᠨᠧᠷᠭᠢ ᠠᠷᠪᠢᠯᠠᠬᠤ ᠰᠢᠨ᠎ᠡ ᠪᠦᠳᠦᠭᠡᠭᠳᠡᠬᠦᠨ | ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠴᠤᠭᠯᠠᠭᠤᠯᠤᠨ ᠰᠢᠯᠢᠳᠡᠭᠵᠢᠭᠦᠯᠦᠨ | ᠬᠡᠷᠡᠭᠯᠡᠬᠦ ᠶᠢ ᠳᠡᠯᠭᠡᠷᠡᠭᠦᠯᠵᠦ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢ ᠬᠡᠰᠡᠭ ᠭᠠᠵᠠᠷ᠂ ᠳᠠᠩ | ᠴᠣᠭᠴᠠ ᠶᠢᠨ ᠡᠨᠧᠷᠭᠢ ᠠᠷᠪᠢᠯᠠᠬᠤ ᠠᠴᠠ ᠪᠦᠬᠦ ᠶᠠᠪᠤᠴᠠ᠂ ᠰᠢᠰᠲ᠋ᠧᠮ ᠤᠨ ᠡᠨᠧᠷᠭᠢ ᠠᠷᠪᠢᠯᠠᠬᠤ ᠲᠡᠰᠢ | ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | ᠭᠤᠷᠪᠠ ᠳᠤ᠂ ᠬᠠᠮᠢᠶᠠᠷᠤᠯᠲᠠ ᠶᠢᠨ ᠡᠨᠧᠷᠭᠢ ᠠᠷᠪᠢᠯᠠᠬᠤ ᠶᠢ ᠲᠦᠯᠬᠢᠨ ᠠᠬᠢᠭᠤᠯᠤᠨ᠎ᠠ᠃ ᠠᠯᠪᠠᠳᠠᠯᠭ᠎ᠠ ᠶᠢᠨ | ᠴᠢᠨᠠᠷᠲᠠᠶ ᠡᠨᠧᠷᠭᠢ ᠶᠢᠨ ᠬᠤᠷᠤᠭᠳᠠᠯ ᠤᠨ ᠪᠠᠷᠢᠮᠵᠢᠶ᠎ᠠ ᠶᠢ ᠲᠤᠭᠤᠰᠢᠯᠠᠭᠤᠯᠵᠤ᠂ ᠬᠥᠩᠭᠡᠨ ᠴᠠᠭᠠᠨ᠂ ᠱᠦᠢᠨᠢ ᠶᠢᠨ | ᠠᠵᠢᠯ ᠲᠥᠷᠥᠯ ᠳᠤ ᠱᠠᠳᠤᠴᠢ ᠴᠠᠬᠢᠯᠭᠠᠨ ᠤ ᠦᠨ᠎ᠡ᠂ ᠵᠥᠷᠢᠶᠡᠲᠦ ᠴᠠᠬᠢᠯᠭᠠᠨ ᠤ ᠦᠨ᠎ᠡ ᠶᠢᠨ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠨᠧᠷᠬᠢ ᠬᠡᠷᠡᠭᠯᠡᠬᠦ ᠭᠤᠤᠯᠳᠠᠯᠭ᠎ᠠ ᠲᠠᠢ ᠨᠢᠭᠡᠴᠡ ᠶᠢᠨ ︽ᠵᠠᠭᠤ | ᠮᠢᠩᠭ᠎ᠠ ᠲᠦᠮᠡᠨ︾ ᠡᠨᠧᠷᠭᠢ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠨᠧᠷᠭᠢ ᠶᠢᠨ ᠬᠤᠷᠤᠭᠳᠠᠯ ᠢ | ᠰᠦᠯᠵᠢᠶᠡᠨ ᠳᠡᠭᠡᠷ᠎ᠡ ᠬᠢᠨᠠᠨ ᠬᠡᠮᠵᠢᠬᠦ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ | ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠳᠠᠭᠠᠭᠤᠯᠤᠭᠴᠢ ᠶᠢᠨ ᠬᠥᠲᠥᠯᠥᠨ ᠳᠠᠭᠠᠭᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠠᠵᠢᠯ ᠲᠥᠷᠥᠯ ᠤᠨ ᠪᠦᠬᠦᠯᠢ ᠴᠣᠭᠴᠠ ᠶᠢᠨ ᠡᠨᠧᠷᠭᠢ ᠶᠢᠨ ᠠᠰᠢᠭᠯᠠᠮᠵᠢ ᠶᠢᠨ ᠳᠡᠭᠡᠭᠰᠢᠯᠡᠯᠲᠡ ᠶᠢ | ᠳᠠᠶᠢᠴᠢᠯᠠᠨ᠎ᠠ᠃ | ᠲᠠᠪᠤᠳᠤᠭᠠᠷ ᠲᠠᠯ᠎ᠠ ᠳᠤ᠂ ᠠᠷᠢᠭᠤᠨ ᠴᠡᠪᠡᠷ ᠦᠢᠯᠡᠳᠪᠦᠷᠢᠯᠡᠯ ᠢ ᠯᠠᠪᠳᠠᠭᠤᠨ ᠪᠠᠲᠤᠲᠠᠶ ᠠᠬᠢᠭᠤᠯᠵᠤ᠂ | ᠪᠣᠬᠢᠷᠲᠤᠯ ᠥᠬᠡᠶ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠦᠨ᠎ᠡ᠃ | 1 ᠵᠦᠢᠯ ᠤᠨ ᠪᠣᠳᠠᠲᠠᠶ ᠡᠭᠦᠷᠭᠡ ᠪᠣᠯ ᠲᠠᠷᠤᠢ ᠰᠠᠶᠢᠨ ᠳᠤᠷ᠎ᠠ ᠶᠢᠨ ᠴᠢᠨᠠᠷᠲᠠᠶ ᠠᠷᠢᠭᠤᠨ ᠴᠡᠪᠡᠷ ᠦᠢᠯᠡᠳᠪᠦᠷᠢᠯᠡᠯ ᠤᠨ | ᠬᠢᠨᠠᠨ ᠬᠠᠷᠭᠤᠭᠤᠯᠤᠯᠲᠠ ᠪᠠᠷ ᠭᠠᠷᠳᠠᠴᠠ ᠪᠣᠯᠭᠠᠵᠤ᠂ ᠴᠠᠬᠢᠯᠭᠠᠨ ᠬᠦᠴᠦᠨ᠂ ᠪᠠᠷᠢᠯᠭ᠎ᠠ ᠶᠢᠨ ᠮᠠᠲ᠋ᠧᠷᠢᠶᠠᠯ᠂ ᠭᠡᠷᠡᠯ | ᠸᠤᠯᠲ᠂ᠬᠢᠮᠢ ᠶᠢᠨ ᠠᠵᠤ ᠦᠢᠯᠡᠳᠪᠦᠷᠢ᠂ ᠳᠠᠷᠤᠮᠠᠯᠯᠠᠨ ᠪᠤᠳᠤᠬᠤ᠂ ᠠᠮᠢᠳᠤ ᠪᠣᠳᠠᠰ ᠤᠨ ᠡᠮ ᠦᠢᠯᠡᠳᠬᠦ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ᠂ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ | ᠬᠠᠷᠭᠤᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ 2021 ᠣᠨ ᠪᠣᠯᠬᠤ ᠳᠤ᠂ ᠳᠡᠭᠡᠷ᠎ᠡ | ᠳᠤᠷᠠᠳᠤᠭᠰᠠᠨᠭᠤᠤᠯᠳᠠᠯᠭᠠ ᠲᠠᠢ ᠠᠵᠢᠯ ᠲᠥᠷᠥᠯ ᠤᠨ ᠠᠵᠤ ᠠᠬᠤᠶᠢᠯᠠᠯ ᠠᠳᠠᠭ ᠲᠠᠭᠠᠨ ᠨᠢᠭᠡ ᠡᠭᠡᠯᠵᠢ ᠶᠢᠨ | ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ | ᠤᠯᠤᠰ ᠠᠴᠠ ︽ᠤᠰᠤᠨ ᠤ ᠠᠷᠪᠠᠨ ᠵᠤᠷᠪᠤᠰ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ | ᠣᠷᠴᠢᠨ ᠲᠣᠭᠤᠷᠢᠨ ᠤ ᠰᠠᠯᠠᠭ᠎ᠠ ᠮᠥᠴᠢᠷ ᠲᠠᠢ ᠬᠠᠮᠵᠢᠯᠴᠠᠨ ᠴᠡᠪᠡᠷᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ | ᠠᠵᠤ ᠠᠬᠤᠶᠢᠯᠠᠯ ᠤᠨ | ︽ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠠᠵᠢᠯ ᠲᠥᠷᠥᠯ ᠤᠨ ᠠᠷᠢᠭᠤᠨ | ᠴᠡᠪᠡᠷ ᠦᠢᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠬᠦ ᠲᠥᠰᠦᠯ︾ ︽ᠬᠦᠨᠳᠦ ᠲᠡᠮᠦᠷᠯᠢᠭ ᠲᠤ ᠬᠤᠯᠪᠣᠭᠳᠠᠬᠤ | ᠭᠤᠤᠯᠳᠠᠯᠭ᠎ᠠ ᠲᠠᠢ ᠠᠵᠢᠯ ᠲᠥᠷᠥᠯ ᠤᠨ ᠠᠷᠢᠭᠤᠨ ᠴᠡᠪᠡᠷ ᠦᠢᠯᠡᠳᠪᠦᠷᠢᠯᠡᠯ ᠤᠨ ᠲᠡᠷᠢᠭᠦᠨ ᠤ ᠬᠡᠷᠡᠭᠯᠡᠭᠡᠨ ᠤ | ᠮᠡᠷᠭᠡᠵᠢᠯ ᠤᠨ ᠲᠠᠨᠢᠯᠴᠠᠭᠤᠯᠭ᠎ᠠ ᠶᠢᠨ ᠭᠠᠷᠴᠠᠭ︾ ᠵᠡᠷᠭᠡ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠬᠡᠷᠡᠭᠯᠡᠨ | ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ | ᠵᠢᠷᠭᠤᠳᠤᠭᠠᠷ ᠲᠠᠯ᠎ᠠ ᠳᠤ᠂ ᠪᠣᠬᠢᠷᠲᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ | ᠠᠵᠤ ᠦᠢᠯᠡᠳᠪᠦᠷᠢ ᠶᠢᠨ ᠠᠵᠤ ᠠᠬᠤᠢ ᠶᠢᠨ ᠣᠷᠴᠢᠯᠳᠤᠨ ᠬᠥᠭᠵᠢᠬᠦ ᠶᠢ ᠠᠬᠢᠭᠤᠯᠤᠨ᠎ᠠ᠃ | 3 ᠵᠦᠢᠯ ᠤᠨ ᠪᠣᠳᠠᠲᠠᠶ ᠡᠭᠦᠷᠭᠡ ᠪᠣᠯ᠄ | ᠨᠢᠭᠡ ᠳᠤ᠂ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠦᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠵᠤ᠂ 2020 | ᠣᠨ ᠤ ᠰᠡᠭᠦᠯᠴᠢ ᠠᠴᠠ ᠡᠮᠦᠨ᠎ᠡ ᠰᠠᠭᠠᠯᠢᠴᠢᠨ ᠤ ᠠᠵᠤ ᠦᠢᠯᠡᠳᠪᠦᠷᠢ ᠶᠢᠨ ᠲᠣᠭᠤᠷᠢᠭ᠂ ᠲᠣᠭᠲᠠᠬᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠵᠢᠩᠭᠢᠨᠢ ᠰᠢᠭᠠᠷᠤ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠦᠨ᠎ᠡ᠃ ᠡᠭᠦᠨ ᠤ ᠬᠠᠮᠲᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ | ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ︽ᠭᠤᠷᠪᠠᠨ ᠬᠠᠶᠠᠭᠳᠠᠮᠠᠯ︾ ᠢ | ᠭᠠᠳᠠᠭᠰᠢᠯᠠᠭᠤᠯᠬᠤ᠂ ᠲᠥᠪᠯᠡᠷᠡᠭᠦᠯᠦᠨ ᠢᠯᠴᠢ ᠬᠠᠩᠭᠠᠬᠤ᠂ ᠰᠢᠭᠠᠷᠤ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ | ᠵᠡᠷᠭᠡ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠬᠢᠷᠢ ᠲᠦᠪᠰᠢᠨ ᠢ ᠬᠦᠷᠢᠶᠡᠯᠡᠩ ᠲᠣᠭᠤᠷᠢᠭ ᠤᠨ | ᠲᠣᠭᠤᠷᠢᠭ ᠢ ᠥᠷᠭᠡᠳᠬᠡᠬᠦ᠂ ᠳᠡᠰ ᠳᠡᠪᠰᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠬᠤ ᠶᠢᠨ ᠬᠠᠮᠳᠤ ᠬᠢᠨᠠᠨ | ᠰᠢᠯᠭᠠᠬᠤ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠦᠭᠵᠢᠯᠲᠡ ᠶᠢᠨ ᠢᠵᠢ | ᠪᠦᠷᠢᠳᠦᠭᠦᠯᠬᠦ ᠪᠠᠲᠤᠯᠠᠭ᠎ᠠ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ | ᠬᠤᠶᠠᠷ ᠲᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠥᠨᠳᠥᠷ ᠬᠡᠮᠵᠢᠭᠳᠡᠯᠵᠢᠭᠦᠯᠬᠦ᠂ ᠬᠡᠪᠴᠢᠶᠡᠵᠢᠭᠦᠯᠬᠦ᠂ | ᠡᠷᠴᠢᠮᠵᠢᠭᠦᠯᠦᠨ ᠠᠰᠢᠭᠯᠠᠬᠤ ᠪᠠᠷ ᠭᠤᠤᠯᠳᠠᠯᠭ᠎ᠠ ᠪᠣᠯᠭᠠᠵᠤ᠂ ᠨᠡᠭᠦᠷᠡᠰᠦᠨ ᠤ ᠦᠨᠡᠰᠦ᠂ ᠬᠦᠬᠦᠷ ᠦᠭᠡᠶᠢᠳᠡᠭᠦᠯᠦᠭᠰᠡᠨ | ᠵᠤᠭᠠᠩ᠂ ᠨᠡᠭᠦᠷᠡᠰᠦᠨ ᠴᠢᠯᠠᠭᠤ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ =ᠬᠠᠶᠠᠭᠳᠠᠮᠠᠯ ᠪᠣᠳᠠᠰ ᠲᠠᠢ | ᠤᠶᠠᠯᠳᠤᠭᠤᠯᠤᠨ᠂ ᠨᠢᠭᠡ ᠪᠦᠯᠦᠭ ᠲᠡᠷᠢᠭᠦᠨ ᠤ ᠪᠥᠭᠡᠳ ᠬᠡᠷᠡᠭᠯᠡᠬᠦ ᠳᠤ ᠲᠣᠬᠢᠷᠠᠬᠤᠮᠡᠷᠭᠡᠵᠢᠯ ᠤᠨ ᠲᠣᠨᠣᠭᠯᠠᠯ ᠢ | ᠳᠡᠯᠭᠡᠷᠡᠭᠦᠯᠵᠦ᠂ ᠨᠢᠭᠡ ᠪᠦᠯᠦᠭ ᠲᠠᠬᠢᠨ ᠡᠭᠦᠰᠴᠦ ᠪᠣᠯᠬᠤ ᠡᠬᠢ ᠪᠠᠶᠠᠯᠢᠭ ᠤᠨ ᠠᠵᠢᠯ ᠲᠥᠷᠥᠯ ᠤᠨ ᠭᠤᠤᠯᠯᠠᠭᠴᠢ | ᠠᠵᠤ ᠠᠬᠤᠶᠢᠯᠠᠯ ᠢ ᠪᠤᠶᠢᠵᠢᠭᠤᠯᠤᠨ᠎ᠠ᠃ | ᠭᠤᠷᠪᠠ ᠳᠤ᠂ ᠣᠷᠴᠢᠯ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠭᠦᠨᠵᠡᠭᠡᠶ ᠬᠡᠷᠡᠭᠵᠢᠭᠦᠯᠦᠨ᠎ᠡ᠃ | ᠨᠥᠬᠦᠴᠡᠯ ᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠤᠷᠴᠢᠯᠳᠤᠭᠤᠯᠬᠤ ᠥᠭᠡᠷᠡᠴᠢᠯᠡᠯᠲᠡ ᠶᠠᠪᠤᠭᠤᠯᠵᠤ | ᠂ ᠦᠢᠯᠡᠳᠪᠦᠷᠢᠯᠡᠯ ᠤᠨ ᠶᠠᠪᠤᠴᠠ ᠳᠠᠬᠢ ᠡᠪᠦᠴᠡᠯᠳᠦᠯ ᠪᠠ ᠣᠯᠠᠨ ᠬᠠᠮᠲᠤᠷᠠᠭᠰᠠᠨ ᠦᠢᠯᠡᠳᠪᠦᠷᠢᠯᠡᠯ ᠢ ᠪᠡᠶᠡᠯᠡᠭᠦᠯᠵᠦ᠂ | ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠭᠠᠷᠭᠠᠯᠲᠠ ᠶᠢᠨ ᠨᠣᠷᠮ᠎ᠠ ᠪᠠ ᠶᠡᠷᠦᠩᠬᠡᠶᠢᠯᠡᠭᠰᠡᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ | ᠳᠡᠭᠡᠷᠡᠬᠢ ᠪᠣᠯ ᠳᠠᠷᠤᠶ ᠪᠢᠳᠡᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ | ᠯᠠᠪᠳᠠᠭᠤᠨ ᠪᠠᠲᠤᠲᠠᠶ ᠠᠬᠢᠭᠤᠯᠬᠤ 6 ᠲᠠᠯ᠎ᠠ᠂ 19 ᠵᠦᠢᠯ ᠤᠨ ᠪᠣᠳᠠᠲᠠᠶ ᠡᠭᠦᠷᠭᠡ ᠪᠣᠯᠤᠨ᠎ᠠ᠃ | [ ᠬᠦᠳᠦᠯᠦᠭᠴᠢ ] | ᠲᠠᠨᠢᠯᠴᠠᠭᠤᠯᠭ᠎ᠠ ᠶᠢ ᠰᠤᠨᠤᠰᠤᠭᠠᠳ 19 ᠵᠦᠢᠯ ᠤᠨ ᠪᠣᠳᠠᠲᠠᠶ ᠡᠭᠦᠷᠭᠡ ᠶᠢ ᠪᠡᠶᠡᠯᠡᠭᠦᠯᠦᠭᠰᠡᠨ ᠤ ᠲᠠᠷᠠᠭ᠎ᠠ᠂ | ᠮᠠᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢᠨ ᠬᠠᠷᠠᠯᠲᠠ ᠯᠠᠪᠲᠠᠶ | ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠳᠡᠨ᠎ᠡ ᠭᠡᠳᠡᠭ ᠲᠤ ᠢᠲᠡᠭᠡᠵᠦ ᠪᠠᠶᠢᠨ᠎ᠠ᠃ ᠡᠳᠡᠭᠡᠷ ᠡᠭᠦᠷᠭᠡ ᠶᠢ | ᠠᠬᠢᠭᠤᠯᠬᠤ ᠳᠤᠮᠳᠠ᠂ ᠮᠠᠨ ᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ | ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠶ︖ | [ ᠶᠣᠣ ᠪᠣᠣ ᠮᠢᠩ ] | ᠪᠢᠳᠡᠨ ᠳᠤ ᠳᠣᠤᠷᠠᠬᠢ ᠬᠡᠳᠦᠨ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠨ᠎ᠠ᠄ | ᠨᠢᠭᠡ ᠳᠤ᠂ ᠳᠡᠭᠡᠷ᠎ᠡ ᠳᠤᠷᠠᠳᠤᠭᠰᠠᠨ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ︽ | ᠬᠦᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠶᠡᠷᠦᠩᠬᠡᠶ ᠱᠦᠵᠢ | ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨᠪᠦ᠋ᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠥᠬᠡᠶ | ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠡᠭᠦᠷᠭᠡ ᠪᠠᠨ ᠲᠣᠳᠣᠷᠬᠠᠶᠢᠯᠠᠪᠠ᠃ | ᠬᠤᠶᠠᠷ ᠲᠤ᠂ ᠲᠣᠬᠢᠷᠠᠭᠤᠯᠬᠤ ᠵᠢᠴᠢ ᠵᠣᠬᠢᠴᠠᠭᠤᠯᠤᠨ ᠬᠠᠮᠵᠢᠯᠴᠠᠬᠤ ᠶᠢ ᠰᠢᠯᠢᠳᠡᠭᠵᠢᠭᠦᠯᠦᠨ᠎ᠡ᠃ ᠲᠣᠭᠲᠠᠮᠠᠯ | ᠬᠤᠭᠤᠴᠠᠭ᠎ᠠ ᠲᠠᠢ ᠪᠠᠷ ᠠᠵᠢᠯ ᠢᠶᠠᠨ ᠳ᠋ᠦᠩᠨᠡᠨ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠱᠠᠲᠤ ᠦᠶ᠎ᠡ ᠶᠢᠨ | ᠴᠢᠨᠠᠷᠲᠠᠶ ᠠᠵᠢᠯ ᠢᠶᠠᠨ ᠳ᠋ᠦᠩᠨᠡᠨ᠂ ᠠᠬᠢᠴᠠ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠡᠭᠦᠨ ᠠᠴᠠ ᠭᠠᠳᠠᠨ᠎ᠠ᠂ ᠡᠨᠡ ᠵᠢᠯ ᠪᠢᠳᠡ ︽ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠣᠪᠴᠢᠶ᠎ᠠ ᠶᠢᠨ ᠡᠭᠦᠷᠭᠡᠯᠡᠵᠦ ᠪᠠᠶᠢᠭ᠎ᠠ ᠠᠭᠠᠷ ᠮᠠᠨᠳᠠᠯ᠂ ᠤᠰᠤ᠂ ᠬᠦᠷᠦᠰᠦ ᠶᠢᠨ ᠪᠤᠬᠢᠷᠳᠤᠯ ᠢ ᠰᠡᠷᠭᠡᠶᠢᠯᠡᠨ ᠵᠠᠰᠠᠬᠤ | ᠠᠵᠢᠯ ᠢ ᠲᠦᠷᠦᠭᠦᠯᠡᠨ ᠬᠦᠢᠴᠡᠳᠭᠡᠬᠦ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠵᠤ | ᠂ ᠡᠯ᠎ᠡ ᠰᠠᠯᠠᠭ᠎ᠠ ᠮᠥᠴᠢᠷ ᠤᠨ ᠡᠭᠦᠷᠭᠡᠯᠡᠪᠡᠰᠦ ᠵᠣᠬᠢᠬᠤ ᠡᠭᠦᠷᠭᠡ ᠶᠢ ᠲᠣᠳᠣᠷᠬᠠᠶᠢᠯᠠᠪᠠ᠂ ᠲᠠᠷᠠᠭᠠᠴᠢ ᠶᠢᠨ | ᠠᠯᠬᠤᠮ ᠳᠤ᠂ ᠪᠢᠳᠡ ᠡᠨᠡ ᠬᠦ ᠠᠵᠢᠯ ᠲᠠᠢ ᠤᠶᠠᠯᠳᠤᠭᠤᠯᠤᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠢᠳᠡᠪᠬᠢᠲᠡᠢ ᠵᠣᠬᠢᠴᠠᠭᠤᠯᠵᠤ ᠪᠠᠶᠢᠭᠠᠳ ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠥᠬᠡᠶ | ᠬᠥᠭᠵᠢᠯᠲᠡ ᠶᠢ ᠬᠠᠮᠲᠤ ᠪᠠᠷ ᠲᠦᠯᠬᠢᠨ ᠠᠬᠢᠭᠤᠯᠤᠨ᠎ᠠ᠃ | ᠭᠤᠷᠪᠠ ᠳᠤ᠂ ᠡᠨᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠤᠰᠢᠭᠤ ᠰᠢᠶᠠᠨ ᠲᠣᠭᠤᠷᠢᠭ᠂ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠣᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ | ᠬᠢᠨᠠᠨ ᠰᠢᠯᠭᠠᠬᠤ ᠬᠦᠢᠴᠡᠳᠭᠡᠯ ᠲᠤᠭ᠎ᠠ ᠳᠤ ᠣᠷᠣᠭᠤᠯᠬᠤ ᠶᠢᠨ ᠬᠠᠮᠲᠤ᠂ ᠲᠣᠪᠴᠢᠶ᠎ᠠ ᠪᠠᠶᠢᠭᠤᠯᠭ᠎ᠠ ᠶᠢᠨ ᠳᠣᠲᠣᠷᠠᠬᠢ | ᠡᠯ᠎ᠡ ᠰᠠᠯᠠᠭ᠎ᠠ ᠲᠠᠰᠤᠭ᠂ ᠡᠯ᠎ᠡ ᠬᠤᠶᠠᠳᠤᠭᠠᠷ ᠲᠡᠰ ᠤᠨ ᠨᠢᠭᠡᠴᠡ ᠶᠢᠨ ᠣᠨ ᠤ ᠠᠵᠢᠯ ᠤᠨ ᠡᠭᠦᠷᠭᠡ ᠶᠢ | ᠬᠤᠪᠢᠶᠠᠷᠢᠯᠠᠬᠤ ᠪᠠ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠰᠢᠯᠭᠠᠨ ᠬᠢᠨᠠᠬᠤ ᠶᠢ | ᠴᠢᠩᠭᠠᠳᠬᠠᠬᠤ ᠪᠠᠷ ᠳᠠᠮᠵᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ᠳᠥᠷᠪᠡ ᠳᠤ᠂ ᠮᠡᠷᠭᠡᠵᠢᠯ ᠤᠨ ᠥᠭᠡᠷᠡᠴᠢᠯᠡᠯᠲᠡ᠂ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠵᠡᠷᠭᠡ | ᠲᠤᠰᠬᠠᠶ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠬᠦ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ᠂ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠵᠦᠢᠯᠡᠰ ᠢ ᠬᠦᠴᠦ ᠪᠠᠨ ᠲᠥᠪᠯᠡᠷᠡᠭᠦᠯᠦᠨ ᠳᠠᠮᠵᠢᠨ᠎ᠠ᠃ | ᠬᠠᠮᠤᠭ ᠤᠨ ᠰᠡᠭᠦᠯ ᠳᠤ᠂ ᠲᠠᠪᠤᠳᠤᠭᠠᠷ ᠲᠤ ᠣᠯᠠᠨ ᠲᠡᠰ ᠳᠠᠪᠬᠤᠷᠭ᠎ᠠ᠂ ᠣᠯᠠᠨ ᠬᠡᠯᠪᠡᠷᠢ ᠶᠢᠨ ᠤᠬᠠᠭᠤᠯᠭ᠎ᠠ | ᠬᠥᠮᠦᠵᠢᠯ ᠢ ᠥᠷᠨᠢᠭᠦᠯᠵᠦ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ | ᠬᠥᠭᠵᠢᠯᠲᠡ ᠶᠢᠨ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠪᠠ ᠦᠷ᠎ᠡ ᠪᠦᠲᠦᠮᠵᠢ ᠶᠢ ᠶᠡᠬᠡᠪᠡᠷ ᠤᠯᠠᠮᠵᠢᠯᠠᠵᠤ᠂ | ᠪᠦᠬᠦ ᠨᠡᠶᠢᠭᠡᠮ ᠤᠨ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠲᠤᠬᠠᠶ ᠲᠠᠨᠢᠯᠲᠠ ᠪᠠ | ᠣᠷᠣᠯᠴᠠᠬᠤ ᠤᠷᠮ᠎ᠠ ᠰᠡᠳᠬᠢᠯᠭᠡ ᠶᠢ ᠳᠡᠭᠡᠭᠰᠢᠯᠡᠭᠦᠯᠦᠨ᠎ᠡ᠃ | [ ᠬᠠᠮᠢᠶᠠᠷᠤᠭᠴᠢ ] | ᠬᠦᠬᠡᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠳᠡᠳ᠋ ᠪᠠᠶᠢᠴᠠᠭᠠᠨ | ᠰᠤᠳᠤᠯᠤᠭᠴᠢ ᠶᠣᠣ ᠪᠦᠦ ᠮᠢᠩ ᠳᠤ ᠪᠠᠶᠠᠷᠯᠠᠯ᠎ᠠ᠂ ᠰᠦᠯᠵᠢᠶᠡᠨ ᠨᠦᠬᠦᠳ ᠤᠨ ᠠᠩᠬᠠᠷᠤᠯ ᠢᠶᠠᠨ ᠬᠠᠨᠳᠤᠭᠤᠯᠵᠤ | ᠤᠷᠤᠯᠴᠠᠭᠰᠠᠨ ᠳᠤ ᠪᠠᠶᠠᠷᠯᠠᠯ᠎ᠠ᠂ ᠡᠨᠡ ᠳ᠋ᠤᠭᠠᠷ ᠤᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠯᠠᠯ᠎ᠠ᠃ | | | |