ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠳᠡ ᠶᠢ ᠬᠥᠭᠵᠢᠶᠡᠨᠲᠡᠶ ᠶᠠᠷᠢᠯᠴᠠᠪᠠ
ᠨᠡᠶᠢᠲᠡᠯᠡᠭᠰᠡᠨ ᠴᠠᠭ᠄
2020-01-07
      1 ᠰᠠᠷ᠎ᠠ ᠶᠢᠨ 6 ᠤ ᠡᠳᠦᠷ ᠤᠨ ᠦᠳᠡ ᠬᠤᠶᠢᠨ᠎ᠠ᠂ ᠲᠤᠭᠳᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠤᠨ ᠤᠯᠤᠰ ᠲᠥᠷᠥ ᠶᠢᠨ ᠵᠥᠪᠯᠡᠯᠭᠡᠨ ᠤ ᠲᠤᠭᠳᠠᠬᠤ ᠰᠢᠶᠠᠨ ᠤ  ᠪᠦᠬᠦ ᠭᠡᠰᠢᠭᠦᠳ ᠪᠦᠯᠬᠦᠮ ᠬᠤᠪᠢᠶᠠᠨ᠂ ︽ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠳᠡ︾ ᠵᠢᠴᠢ ᠪᠤᠰᠤᠳ ᠮᠡᠳᠡᠭᠦᠯᠦᠯᠲᠡ ᠶᠢ ᠬᠢᠨᠠᠨ ᠶᠠᠷᠢᠯᠴᠠᠵᠤ ᠶᠠᠷᠢᠯᠴᠠᠪᠠ᠃ ᠲᠤᠬᠠᠶ ᠶᠢᠨ ᠲᠠᠯᠠᠪᠠᠢ ᠳᠤ ᠲᠥᠯᠥᠭᠡᠯᠡᠭᠴᠢᠳ᠂ ᠭᠡᠰᠢᠭᠦᠳ ᠰᠠᠨᠠᠯ ᠪᠣᠳᠣᠯ ᠢᠶᠠᠨ ᠠᠭᠤᠵᠢᠷᠠᠲᠠᠯ᠎ᠠ ᠶᠠᠷᠢᠯᠴᠠᠵᠤ᠂ ᠥᠪᠡᠷ ᠥᠪᠡᠷ ᠤᠨ ᠰᠠᠨᠠᠯ ᠢᠶᠠᠨ ᠢᠯᠡᠳᠬᠡᠵᠡᠶ᠃ ᠣᠯᠠᠨ ᠢᠶᠠᠷ ᠢᠶᠠᠨ᠂ ︽ᠵᠠᠰᠠᠭ ᠤᠨ ᠣᠷᠳᠣᠨ ᠤ ᠠᠵᠢᠯ ᠤᠨ  ᠮᠡᠳᠡᠭᠦᠯᠦᠯᠳᠡ︾ ᠨᠢ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠨᠡᠶᠢᠴᠡᠬᠦ ᠮᠥᠷᠲᠡᠭᠡᠨ ᠪᠠᠰᠠ ᠠᠷᠠᠳ ᠤᠨ ᠰᠠᠨᠠᠭᠠᠨ ᠳᠤ ᠨᠡᠶᠢᠴᠡᠵᠦ᠂ ᠳᠤᠯᠠᠭᠠᠨ ᠤ ᠬᠡᠮᠵᠢᠶ᠎ᠡ ᠲᠠᠢ ᠪᠥᠭᠡᠳ ᠠᠭᠤᠯᠤᠭᠳᠠᠬᠤᠨ ᠲᠠᠢ ᠪᠠᠶᠢᠵᠤ᠂ ᠬᠥᠮᠦᠰ ᠤᠨ ᠰᠡᠳᠬᠢᠯ ᠢ ᠵᠣᠷᠢᠭᠵᠢᠭᠤᠯᠤᠮ᠎ᠠ ᠰᠠᠶᠢᠨ ᠮᠡᠳᠡᠭᠦᠯᠦᠯᠳᠡ ᠪᠣᠯᠵᠤ᠂ ᠥᠷᠭᠡᠨ ᠣᠯᠠᠨ ᠠᠷᠠᠳ ᠲᠦᠮᠡᠨ ᠤ ᠬᠦᠰᠡᠯ ᠡᠷᠡᠮᠡᠯᠵᠡᠯ ᠲᠠᠢ ᠨᠡᠶᠢᠴᠡᠵᠦ᠂ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠦ᠋ ᠱᠧᠨ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠰᠦᠨ ᠰᠢᠶᠦ᠋ᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠣᠯ ᠵᠢᠯ ᠳᠤ ᠨᠢᠭᠡ ᠤᠳᠠᠭ᠎ᠠ ᠶᠠᠪᠤᠭᠳᠠᠬᠤ ᠦᠪᠡᠳᠡᠭᠰᠢ ᠶᠡᠭᠡ ᠶᠠᠪᠤᠳᠠᠯ᠂ ᠠᠷᠠᠳ ᠲᠦᠮᠡᠨ ᠤ ᠤᠯᠤᠰ ᠲᠥᠷᠦ ᠶᠢᠨ ᠠᠮᠢᠳᠤᠷᠠᠯ ᠳᠠᠬᠢ ᠶᠡᠭᠡ ᠶᠠᠪᠤᠳᠠᠯ ᠪᠣᠯᠤᠨ᠎ᠠ᠃ ᠲᠥᠯᠥᠭᠡᠯᠡᠭᠴᠢᠳ ᠬᠤᠷᠠᠯ ᠳᠤ ᠣᠷᠣᠯᠴᠠᠭᠰᠠᠨ ᠨᠢ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ ᠪᠠᠶᠢᠭ᠎ᠠ ᠶᠠᠪᠤᠳᠠᠯ ᠮᠥᠨ᠂ ᠥᠨᠥᠳᠥᠷ ᠲᠥᠯᠥᠭᠡᠯᠡᠭᠴᠢᠳ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠳᠡ ᠵᠡᠷᠭᠡ ᠬᠡᠳᠦᠨ ᠢᠯᠡᠳᠬᠡᠯ ᠢ ᠬᠢᠨᠠᠨ ᠶᠠᠷᠢᠯᠴᠠᠵᠤ ᠪᠠᠶᠢᠭ᠎ᠠ ᠨᠢ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠤ ᠪᠣᠳᠠᠲᠠᠶ ᠢᠯᠡᠷᠡᠯ ᠮᠥᠨ᠃ ᠦ᠋ ᠱᠧᠨ ᠪᠠᠯᠭᠠᠰᠤᠨ ᠤ ᠬᠤᠶᠢᠰᠢᠳᠠ ᠶᠢᠨ ᠠᠵᠢᠯ ᠤᠨ ᠲᠤᠬᠠᠢ ᠰᠦᠨ ᠰᠢᠶᠦ᠋ᠨ ᠱᠠᠭᠠᠷᠳᠠᠭᠰᠠᠨ ᠨᠢ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠦᠨᠡᠨ ᠬᠦ ᠠᠬᠢᠭᠤᠯᠬᠤ ᠬᠡᠷᠡᠭᠲᠡᠶ ᠭᠡᠵᠡᠶ᠃ ᠲᠥᠷᠥᠯ ᠵᠦᠢᠯ ᠢ ᠨᠠᠷᠢᠨ ᠨᠢᠮᠪᠠᠶ ᠪᠤᠶᠢᠵᠢᠭᠤᠯᠵᠤ᠂ ᠨᠠᠷᠢᠨ ᠨᠢᠮᠪᠠᠶ ᠲᠤᠬᠢᠷᠠᠭᠤᠯᠤᠨ ᠪᠠᠶᠢᠷᠢᠯᠠᠭᠤᠯᠵᠤ᠂ ᠰᠢᠨ᠎ᠡ ᠴᠠᠭ ᠦᠶ᠎ᠡ ᠶᠢᠨ ᠬᠥᠳᠡᠭᠡ ᠠᠵᠤ ᠠᠬᠤᠶ ᠬᠥᠳᠡᠭᠡ ᠲᠣᠰᠬᠤᠨ ᠤ ᠳᠦᠷᠢᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠠᠯᠬᠤᠴᠠ ᠶᠢ ᠴᠢᠨᠠᠭᠰᠢᠳᠠ ᠲᠦᠷᠭᠡᠳᠬᠡᠬᠦ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1