ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠰᠢᠯᠭᠠᠨ ᠬᠤᠷᠢᠶᠠᠵᠤ ᠵᠢᠯᠤᠭᠤᠳᠬᠤ ᠠᠵᠢᠯᠯᠠᠬᠤ ᠳᠤᠭᠤᠶᠢᠯᠠᠩ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠢᠷᠡᠵᠦ ᠪᠠᠶᠢᠴᠠᠭᠠᠨ ᠰᠤᠳᠤᠯᠵᠦ ᠠᠵᠢᠯ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/11/18
      11 ᠳ᠋ᠤᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠡᠵᠡᠩᠨᠡᠯᠲᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠰᠢᠶᠠᠩ ᠬᠤᠸᠠ ᠪᠦᠯᠬᠦᠮ ᠲᠠᠭᠠᠭᠤᠯᠤᠨ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠬᠤᠤ ᠰᠢᠤ ᠯᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠮᠧᠶ ᠲᠤᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠵᠢᠯᠤᠭᠤᠳᠤᠨ ᠲᠣᠬᠢᠷᠠᠭᠤᠯᠬᠤ ᠲᠥᠪ᠂ ᠨᠠᠶᠢᠷᠠᠭᠤᠯᠬᠤ ᠲᠠᠰᠤᠭ᠂ ᠲᠣᠭᠯᠠᠯᠲᠠ ᠨᠡᠪᠲᠡᠷᠡᠭᠦᠯᠬᠦ ᠲᠠᠰᠤᠭ᠂ ᠨᠡᠪᠲᠡᠷᠡᠭᠦᠯᠬᠦ ᠮᠠᠰᠢᠨ ᠤ ᠲᠠᠰᠤᠭ ᠵᠡᠷᠭᠡ ᠴᠢᠳᠠᠮᠵᠢ ᠶᠢᠨ ᠲᠠᠰᠤᠭ ᠢ ᠪᠠᠶᠢᠴᠠᠭᠠᠨ ᠦᠵᠡᠪᠡ᠃ ᠬᠠᠮ ᠵᠠᠭᠤᠴᠢᠯᠠᠭᠤᠷ ᠤᠨ ᠲᠥᠪ ᠤᠨ ᠦᠢᠯᠡᠳᠦᠭᠰᠡᠨ ᠲᠤᠰᠬᠠᠢ ᠰᠡᠳᠦᠪ᠂  ᠰᠢᠭᠤᠳ ᠨᠡᠪᠳᠡᠷᠡᠭᠦᠯᠭᠡ ᠵᠡᠷᠭᠡ ᠰᠢᠨ᠎ᠡ ᠵᠠᠭᠤᠴᠢᠯᠠᠭᠤᠷ ᠤᠨ ᠦᠢᠯᠡᠳᠬᠦᠨ ᠢ ᠰᠣᠨᠢᠷᠬᠠᠪᠠ᠃ ᠬᠠᠮ ᠵᠠᠭᠤᠴᠢᠯᠠᠭᠤᠷ ᠤᠨ ᠲᠥᠪ ᠤᠨ ᠠᠵᠢᠯᠲᠠᠳ ᠠᠴᠠ ᠲᠥᠪ ᠲᠣᠭᠤᠭᠠᠨ ᠬᠡᠷ᠂ ︽ᠶᠦᠨ ᠵᠥᠩ ᠲᠣᠭᠲᠠᠬᠤ︾᠂ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠬᠡᠷᠡᠭᠯᠡᠯᠲᠡ ᠶᠢᠨ ᠪᠠᠶᠢᠳᠠᠯ ᠳᠤ ᠲᠤᠬᠠᠶ ᠶᠢᠨ ᠲᠠᠯᠠᠪᠤᠷ ᠤᠨ ᠦᠵᠡᠭᠦᠯᠭᠡ ᠬᠢᠪᠠ᠃ᠳᠠᠷᠠᠭ᠎ᠠ ᠨᠢ ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠬᠠᠮ ᠵᠠᠭᠤᠴᠢᠯᠠᠭᠤᠷ ᠤᠨ ᠲᠥᠪ  ᠬᠠᠷᠢᠭᠤᠴᠠᠯᠭᠠᠳᠠᠨ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ      ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠠᠵᠢᠯ ᠤᠨ ᠰᠡᠳᠬᠢᠴᠡ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠ ᠠᠵᠢᠯ ᠤᠨ ᠦᠷ᠎ᠡ ᠪᠦᠲᠦᠮᠵᠢ ᠶᠢ ᠨᠤᠲᠠᠯᠠᠵᠤ᠂ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠨᠢ ᠠᠭᠤᠯᠭ᠎ᠠ ᠶᠢᠨ ᠦᠢᠯᠡᠳᠪᠦᠷᠢᠯᠡᠯ᠂ ᠴᠤᠪᠤᠷᠠᠯ ᠢ ᠳᠠᠬᠢᠨ ᠤ ᠠᠶᠢᠭᠤᠯᠬᠤ᠂ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠪᠠᠷ ᠬᠢ ᠭᠢᠯᠠᠰ ᠴᠡᠭ ᠣᠯᠠᠨ ᠪᠠᠶᠢᠨ᠎ᠠ᠂ ᠢᠯᠠᠩᠭᠤᠶ᠎ᠠ ᠲᠤᠰ ᠭᠠᠵᠠᠷ ᠤᠨ ᠣᠨᠴᠠᠯᠢᠭ ᠪᠦᠬᠦᠢ ᠪᠤᠯᠤᠩ ᠨᠡᠭᠡᠭᠡᠬᠦ᠂ ᠤᠤᠯ ᠤᠨ ᠪᠤᠯᠤᠩ ᠢ ᠤᠯᠠᠮᠵᠢᠯᠠᠨ ᠵᠠᠯᠭᠠᠮᠵᠢᠯᠠᠬᠤ᠂ ᠵᠠᠭᠤᠴᠢᠯᠠᠭᠤᠷ ᠤᠨ ᠠᠭᠤᠰᠤᠯᠴᠠᠬᠤ ᠣᠶᠢᠯᠠᠭᠠᠭᠳᠠᠬᠤᠨ ᠲᠠᠢ ᠨᠡᠶᠢᠴᠡᠨ᠎ᠡ ᠭᠡᠪᠡ᠃      ᠳᠠᠷᠠᠭ᠎ᠠ ᠠᠯᠬᠤᠮ ᠤᠨ ᠠᠵᠢᠯ ᠤᠨ ᠲᠤᠬᠠᠶ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠰᠢᠶᠠᠨ ᠤ ᠬᠠᠮ ᠵᠠᠭᠤᠴᠢᠯᠠᠭᠤᠷ ᠤᠨ ᠲᠥᠪ ᠠᠭᠤᠯᠭ᠎ᠠ ᠶᠢᠨ ᠦᠢᠯᠡᠳᠪᠦᠷᠢᠯᠡᠯ ᠪᠤᠯᠤᠩ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠴᠢᠩᠬᠠᠳᠬᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ᠂ ᠣᠯᠠᠨ ᠲᠦᠮᠡᠨ ᠳᠤ ᠦᠢᠯᠡᠴᠢᠯᠡᠬᠦ ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠠᠵᠢᠯ ᠤᠨ ᠰᠡᠳᠬᠢᠬᠦᠶ ᠪᠠᠨ ᠰᠢᠨᠡᠴᠢᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠰᠣᠳᠣᠨ ᠪᠦᠳᠦᠭᠳᠡᠭᠦᠨ ᠢ ᠢᠯᠡᠭᠦᠬᠡᠨ ᠭᠠᠷᠭᠠᠬᠤ ᠬᠡᠷᠡᠭᠲᠡᠶ︔ ᠲᠣᠮᠣ ᠲᠠᠪᠴᠠᠩ ᠤᠨ ᠰᠡᠳᠬᠢᠬᠦᠢ ᠶᠢ ᠪᠤᠢ ᠪᠣᠯᠭᠠᠵᠤ᠂ ᠶᠦᠨ ᠵᠦᠩ ᠲᠣᠭᠲᠠᠬᠤ ᠭᠡᠬᠦ ᠡᠨᠡᠬᠦ ᠲᠠᠪᠴᠠᠩ ᠳᠤ ᠲᠦᠰᠢᠭᠯᠡᠨ ᠰᠣᠨᠢᠨ ᠮᠡᠳᠡᠭᠡ + ᠶᠢ ᠰᠠᠶᠢᠲᠤᠷ ᠬᠢᠵᠦ ᠳᠥᠭᠦᠮ ᠲᠦᠷᠭᠡᠨ ᠦᠢᠯᠡᠴᠢᠯᠡᠭᠡᠨ ᠤ ᠴᠢᠳᠠᠮᠵᠢ ᠬᠠᠩᠭᠠᠬᠤ ᠪᠠᠷ ᠳᠠᠮᠵᠢᠭᠤᠯᠤᠨ᠂ ᠬᠡᠷᠡᠭᠯᠡᠭᠴᠢ ᠶᠢᠨ ᠨᠠᠭᠠᠯᠳᠤᠮᠠᠬᠠᠶ ᠴᠢᠨᠠᠷ ᠢ ᠲᠠᠰᠤᠷᠠᠯᠲᠠ ᠥᠬᠡᠶ ᠴᠢᠩᠭᠠᠷᠠᠭᠤᠯᠵᠤ᠂ ᠬᠠᠮ ᠵᠠᠭᠤᠴᠢᠯᠠᠭᠤᠷ ᠤᠨ ᠲᠦᠪ ᠤᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠦᠷᠭᠡᠳᠭᠡᠬᠦ ᠬᠡᠷᠡᠭᠳᠡᠢ ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠰᠢᠶᠠᠨ ᠤ ᠬᠠᠮ ᠵᠠᠭᠤᠴᠢᠯᠠᠭᠤᠷ ᠤᠨ ᠲᠥᠪ 2018 ᠣᠨ ᠤ 12 ᠰᠠᠷ᠎ᠠ ᠶᠢᠨ 6 ᠤ ᠡᠳᠦᠷ  ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃ ᠣᠲᠣ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠬᠡᠯᠪᠡᠷᠢ ᠶᠢᠨ ᠵᠠᠭᠤᠴᠢᠯᠠᠭᠤᠷ ᠤᠨ ᠲᠠᠪᠴᠠᠩ 13 ᠪᠣᠶ᠂ ᠡᠭᠦᠨ ᠳᠤ ᠲᠣᠭᠲᠠᠬᠤ ᠰᠢᠶᠠᠨ ᠤ ᠲᠧᠯᠸᠢᠰ ᠬᠤᠷᠢᠶ᠎ᠠ᠂ ᠲᠣᠭᠲᠠᠬᠤ ᠰᠢᠶᠠᠨ ᠤ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ︽ᠠᠮᠢᠵᠢᠷᠠᠯ ᠤᠨ ᠬᠦᠴᠦᠨ ᠲᠣᠭᠲᠠᠬᠤ︾᠂ ᠪᠢᠴᠢᠯ ᠪᠦᠷᠭᠡ ︽ᠪᠠᠭ᠋ᠠᠷᠤᠯᠳᠦ ᠲᠣᠭᠲᠠᠬᠤ︾᠂ ︽ᠲᠠᠲᠠᠬᠤ ᠬᠦᠴᠦᠨ ᠲᠣᠭᠲᠠᠬᠤ︾ ᠪᠠ ︽ᠶᠦᠨ ᠵᠥᠩ ᠲᠣᠭᠲᠠᠬᠤ︾᠂ ᠲᠦᠷᠦᠭᠦᠤ ᠵᠤᠷᠪᠤᠰ ︽ᠠᠮᠢᠵᠢᠷᠠᠯ ᠤᠨ ᠬᠦᠴᠦᠨ ᠲᠣᠭᠲᠠᠬᠤ︾᠂ ᠬᠤᠷᠳᠤᠨ ᠭᠠᠷ ᠪᠠ ᠴᠡᠴᠡᠷᠡᠬᠦ ︽ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ︾ ᠵᠡᠷᠭᠡ ᠪᠥᠬᠦ ᠵᠠᠭᠤᠴᠢᠯᠠᠭᠤᠷ ᠤᠨ ᠤᠯᠠᠮᠵᠢᠯᠠᠨ ᠲᠠᠷᠬᠠᠭᠠᠬᠤ ᠵᠢᠭᠰᠠᠭᠠᠯ ᠪᠠᠭᠲᠠᠨ᠎ᠠ᠃ ᠣᠳᠣᠬᠠᠨ ᠳ᠋ᠤ᠋‌ᠬᠠᠮ ᠵᠠᠭᠤᠴᠢᠯᠠᠭᠤᠷ ᠤᠨ ᠲᠥᠪ ᠨᠢ ᠨᠢᠭᠡᠳᠦᠯᠲᠡᠶ ᠲᠣᠬᠢᠷᠠᠭᠤᠯᠤᠯᠲᠠ ᠪᠣᠯᠤᠨ ᠠᠷᠭ᠎ᠠ ᠪᠤᠳᠤᠯᠭ᠎ᠠ ᠶᠢ ᠪᠡᠶᠡᠯᠡᠭᠦᠯᠵᠦ᠂ ︽ᠨᠢᠭᠡ ᠴᠣᠭᠴᠠᠵᠢᠭᠤᠯᠤᠨ ᠲᠥᠰᠦᠪᠯᠡᠬᠦ᠂ ᠨᠢᠭᠡ ᠯᠡ ᠤᠳᠠᠭ᠎ᠠ ᠳᠤ ᠴᠤᠭᠯᠠᠭᠤᠯᠬᠤ᠂ ᠣᠯᠠᠨ ᠵᠦᠢᠯ ᠢ ᠪᠦᠲᠦᠭᠡᠬᠦ᠂ ᠣᠯᠠᠨ ᠡᠰᠢᠴᠢᠯᠡᠨ ᠤᠯᠠᠮᠵᠢᠯᠠᠬᠤ︾ ᠠᠵᠢᠯᠯᠠᠭᠠᠨ ᠤ ᠲᠣᠭᠲᠠᠴᠠ ᠶᠢ ᠠᠩᠬ᠎ᠠ ᠠᠯᠬᠤᠮ ᠪᠠᠶᠢᠭᠤᠯᠵᠤ᠂ ᠠᠭᠤᠯᠭ᠎ᠠ᠂ ᠲᠠᠪᠴᠠᠩ᠂ ᠠᠷᠭ᠎ᠠ ᠵᠠᠮ᠂ ᠳ᠋ᠠᠶᠢᠲ᠋ᠠ᠂ ᠮᠡᠷᠭᠡᠵᠢᠯ᠂ ᠲᠣᠭᠲᠠᠴᠠ᠂ ᠬᠠᠮᠢᠶᠠᠷᠤᠯᠲᠠ ᠵᠡᠷᠭᠡ ᠲᠠᠯ᠎ᠠ ᠶᠢᠨ ᠭᠦᠨ ᠠᠭᠤᠰᠤᠯᠴᠠᠯ ᠢ ᠤᠯᠠᠮ ᠴᠢᠨᠠᠭᠰᠢᠳᠠ ᠴᠢᠨᠠᠷ ᠰᠠᠶᠢᠳᠠᠢ ᠠᠬᠢᠭᠤᠯᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1