ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/11/18
      11 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠮᠧᠶ ᠲᠤᠤ᠂ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠵᠢᠯᠣᠭᠤᠳᠤᠨ ᠲᠤᠬᠢᠷᠠᠭᠤᠯᠬᠤ ᠲᠥᠪ᠂ ᠨᠠᠶᠢᠷᠠᠭᠤᠯᠬᠤ ᠲᠠᠰᠤᠭ᠂ ᠨᠡᠪᠲᠡᠷᠡᠭᠦᠯᠬᠦ ᠲᠠᠰᠤᠭ ᠵᠡᠷᠭᠡ ᠴᠢᠳᠠᠮᠵᠢ ᠶᠢᠨ ᠲᠠᠰᠤᠭ ᠢ ᠪᠠᠶᠢᠴᠠᠭᠠᠨ ᠦᠵᠡᠪᠡ᠃ ᠬᠠᠮ ᠵᠠᠭᠤᠴᠢᠯᠠᠭᠤᠷ ᠤᠨ ᠲᠥᠪ ᠤᠨ ᠦᠢᠯᠡᠳᠦᠭᠰᠡᠨ ᠰᠢᠨ᠎ᠡ ᠵᠠᠭᠤᠴᠢᠯᠠᠭᠤᠷ ᠤᠨ ᠦᠢᠯᠡᠳᠭᠦᠨ ᠢ ᠦᠵᠡᠭᠰᠡᠨ ᠪᠥᠭᠡᠳ ᠲᠤᠰ ᠲᠥᠪ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠠᠶᠢᠴᠠᠭᠠᠨ ᠰᠤᠳᠤᠯᠬᠤ ᠳᠤᠭᠤᠶᠢᠯᠠᠩ᠂ ᠰᠣᠨᠢᠨ ᠮᠡᠳᠡᠭᠡᠯᠡᠯ ᠶᠠᠷᠢᠶ᠎ᠠ ᠬᠡᠯᠡᠯᠴᠡᠭᠡᠨ ᠤ ᠠᠵᠢᠯ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠭᠤᠤᠯ ᠵᠠᠭᠤᠴᠢᠯᠠᠭᠤᠷ ᠪᠣᠯ ᠨᠠᠮ ᠤᠨ ᠲᠠᠭᠤᠨ ᠢ ᠤᠬᠠᠭᠤᠯᠬᠤ ᠭᠤᠤᠯ ᠵᠢᠭᠰᠠᠭᠠᠯ ᠤᠨ ᠭᠠᠵᠠᠷ᠂ ᠭᠤᠤᠯ ᠠᠷᠭ᠎ᠠ ᠵᠠᠮ᠂ ᠭᠤᠤᠯ ᠬᠦᠴᠦᠨ ᠮᠥᠨ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠦᠨᠡᠨᠬᠦ ᠰᠠᠶᠢᠲᠤᠷ ᠠᠳᠬᠤᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢᠨ ᠵᠥᠪ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠪᠠᠷᠢᠮᠲᠠᠯᠠᠵᠤ᠂ ᠬᠠᠮ ᠵᠠᠭᠤᠴᠢᠯᠠᠭᠤᠷ ᠤᠨ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠦᠭᠡ ᠬᠡᠯᠡᠬᠦ ᠡᠷᠬᠡ ᠶᠢ ᠪᠠᠲᠤ ᠡᠵᠡᠮᠰᠢᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠬᠠᠮ ᠵᠠᠭᠤᠴᠢᠯᠠᠭᠤᠷ ᠤᠨ ᠲᠥᠪ ᠨᠢ ᠲᠡᠭᠡᠳᠦ ᠳᠠᠪᠬᠤᠷᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠰᠢᠶᠠᠨ ᠤ ᠨᠠᠮ ᠤᠨ ᠬᠤᠷᠢᠶ᠎ᠠ ᠰᠢᠶᠠᠨ ᠵᠠᠰᠠᠭ ᠤᠨ ᠣᠷᠳᠣᠨ ᠤ ᠠᠵᠢᠯ ᠢᠶᠠᠷ ᠲᠦᠪ ᠲᠠᠢ ᠨᠢᠭᠲᠠ ᠤᠶᠠᠯᠳᠤᠭᠤᠯᠤᠨ᠂ ᠥᠨᠳᠥᠷ ᠡᠬᠢᠯᠡᠯᠲᠡ ᠳᠤ ᠰᠠᠭᠤᠷᠢᠯᠠᠵᠤ᠂ ᠥᠨᠳᠥᠷ ᠪᠠᠷᠢᠮᠵᠢᠶ᠎ᠠ ᠪᠠᠷ ᠲᠥᠰᠦᠪᠯᠡᠵᠦ᠂ ᠤᠬᠠᠭᠤᠯᠭ᠎ᠠ ᠶᠢᠨ ᠪᠦᠲᠦᠭᠡᠯ ᠢ ︽ᠲᠠᠷᠠᠬᠠᠶ ᠪᠤᠲᠠᠷᠬᠠᠶ︾ ᠪᠠᠶᠢᠭᠰᠠᠨ ᠠᠴᠠ ᠨᠢ ︽ᠰᠢᠰᠲ᠋ᠧᠮᠵᠢᠭᠦᠯᠬᠦ︾ ᠲᠡᠰᠢ ᠬᠤᠪᠢᠷᠠᠭᠤᠯᠵᠦ᠂ ᠨᠡᠩ ᠴᠢᠨᠠᠷ ᠰᠠᠶᠢᠲᠠᠶ᠂ ᠥᠨᠳᠥᠷ ᠬᠢᠷᠢ ᠬᠡᠮᠵᠢᠶ᠎ᠡ ᠲᠠᠢ᠂ ᠥᠨᠳᠥᠷ ᠬᠡᠪ ᠴᠢᠨᠠᠷ ᠲᠠᠢ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠡᠩᠨᠡᠭᠡᠨ ᠤ ᠪᠠᠶᠢᠭᠤᠯᠤᠯᠲᠠ ᠶᠢ ᠴᠢᠩᠬᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠢᠮᠠᠭᠲᠠ ᠪᠠᠳᠤᠯᠠᠵᠦ᠂ ᠨᠠᠶᠢᠷᠠᠭᠤᠯᠤᠨ ᠪᠢᠴᠢᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠨᠠᠨ ᠬᠠᠷᠭᠤᠭᠤᠯᠬᠤ ᠪᠣᠭᠤᠮᠲᠠ ᠶᠢ ᠰᠠᠶᠢᠲᠤᠷ ᠠᠳᠬᠤᠵᠤ᠂ ᠰᠣᠨᠢᠨ ᠮᠡᠳᠡᠭᠡ ᠨᠠᠶᠢᠷᠠᠭᠤᠯᠤᠨ ᠪᠢᠴᠢᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠵᠡᠭᠳᠡᠯ ᠪᠠ ᠪᠢᠷ ᠤᠨ ᠦᠵᠦᠭᠦᠷ ᠢ ᠲᠠᠷᠢᠶᠠᠨ ᠭᠠᠵᠠᠷ᠂ ᠲᠥᠷᠥᠯ ᠵᠦᠢᠯ ᠤᠨ ᠨᠢᠭᠡᠳᠦᠭᠡᠷ ᠹᠷᠣᠨᠲ᠂ ᠭᠤᠤᠯᠳᠠᠯᠭ᠎ᠠ ᠲᠠᠢ ᠠᠵᠢᠯ ᠳᠤ ᠲᠥᠪᠯᠡᠷᠡᠭᠦᠯᠵᠦ᠂ ᠲᠣᠭᠲᠠᠬᠤ ᠦᠯᠢᠭᠡᠷ ᠢ ᠰᠠᠶᠢᠲᠤᠷ ᠶᠠᠷᠢᠵᠤ᠂ ᠲᠣᠭᠲᠠᠬᠤ ᠶᠢᠨ ᠳᠠᠭᠤᠨ ᠢ ᠰᠠᠶᠢᠲᠤᠷ ᠤᠯᠠᠮᠵᠢᠯᠠᠵᠤ᠂ ᠲᠣᠭᠲᠠᠬᠤ ᠰᠢᠶᠠᠨ ᠤ ᠰᠠᠶᠢᠨ‌‍ᠰᠠᠶᠢᠬᠠᠨ ᠳᠦᠷᠢ ᠲᠥᠷᠬᠦ ᠶᠢ ᠰᠠᠶᠢᠲᠤᠷ ᠳᠡᠯᠭᠡᠨ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1