ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ 25 ᠳ᠋ᠤᠭᠠᠷ ᠤᠳᠠᠭ᠎ᠠ ᠶᠢᠨ ᠬᠤᠷᠠᠯ ᠵᠢᠴᠢ 22 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠣᠯᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/18
      11 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ 25 ᠳ᠋ᠤᠭᠠᠷ ᠤᠳᠠᠭ᠎ᠠ ᠶᠢᠨ ᠬᠤᠷᠠᠯ ᠵᠢᠴᠢ 22 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠣᠯᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠯᠢ ᠰᠢᠨ᠂ ᠲᠢᠶᠠᠨ ᠯᠢ ᠵᠢᠶᠦ᠋ᠨ᠂ ᠵᠤᠤ ᠯᠢ ᠮᠢᠨ᠂ ᠱᠧᠨ ᠢ᠂ ᠱᠢ ᠯᠢ ᠵᠢᠶᠦ᠋ᠨ᠂ ᠯᠦ ᠢᠦᠢ ᠵᠦᠩ᠂ ᠷᠧᠨ ᠷᠦᠢ ᠬᠤᠷᠠᠯ ᠳᠤ ᠣᠷᠣᠯᠴᠠᠪᠠ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢᠨ ᠵᠣᠷᠢᠭ ᠰᠠᠨᠠᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠱᠧᠨᠵᠧᠨ ᠤ ᠠᠵᠤ ᠠᠬᠤᠶ ᠶᠢᠨ ᠣᠨᠴᠠᠭᠠᠶ ᠣᠷᠣᠨ ᠪᠠᠶᠢᠭᠤᠯᠤᠭᠳᠠᠭᠰᠠᠨ 40 ᠵᠢᠯ ᠤᠨ ᠣᠶ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠨ ᠭᠠᠳᠠᠭᠠᠳᠤ ᠳᠤᠭᠠᠷᠴᠤ ᠳᠠᠶᠢᠨ ᠬᠢᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾᠂ ︽ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠦᠭᠡᠷᠡᠴᠢᠯᠡᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾᠂ ︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ ᠲᠤᠬᠠᠶ ᠮᠡᠳᠡᠭᠳᠡᠯ︾ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠱᠤᠸᠠᠩ ᠾᠧ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠶᠢᠨ ᠢᠨᠵᠧᠨᠧᠷᠢᠩ᠂ ᠭᠦ᠋ ᠴᠧᠩ ᠪᠠᠯᠭᠠᠰᠤᠨ ᠤ ᠢ ᠮᠢᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠲᠥᠷᠥᠯ ᠵᠦᠢᠯ᠂ ︽ᠲᠣᠭᠲᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠬᠢᠭᠡᠳ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾᠂ ᠰᠢᠶᠠᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠵᠡᠷᠭᠡ ᠵᠦᠢᠯᠡᠰ ᠢ ᠰᠤᠳᠤᠯᠤᠨ ᠶᠠᠷᠢᠯᠴᠠᠪᠠ᠃      ᠬᠤᠷᠠᠯ ᠠᠴᠠ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠦᠭᠦᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ  ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠰᠤᠷᠤᠯᠴᠠᠵᠤ᠂ ᠨᠡᠪᠲᠡᠷᠬᠡᠢ ᠣᠶᠢᠯᠠᠭᠠᠵᠤ᠂ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠤᠷᠤᠯᠴᠠᠭᠰᠠᠨ ᠦᠷ᠎ᠡ ᠪᠦᠲᠦᠭᠡᠯ ᠢᠶᠠᠨ ᠲᠠᠷᠢᠬᠢ ᠲᠣᠯᠣᠭᠠᠶ ᠪᠠᠨ ᠵᠡᠪᠰᠡᠭᠯᠡᠬᠦ᠂  ᠦᠢᠯᠡᠳᠦᠯᠭᠡ ᠪᠠᠨ ᠵᠢᠯᠣᠭᠤᠳᠬᠤ᠂ ᠠᠵᠢᠯ ᠢᠶᠠᠨ ᠠᠬᠢᠭᠤᠯᠬᠤ ᠪᠣᠳᠠᠲᠠᠶ ᠠᠵᠢᠯᠯᠠᠭ᠎ᠠ ᠶᠢ ᠴᠢᠷᠮᠠᠶᠢᠨ ᠬᠢᠬᠦ ᠬᠡᠷᠡᠭᠲᠡᠶ᠃ ᠮᠠᠨ ᠤ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠪᠦᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠥᠨᠳᠥᠷ ᠡᠬᠢᠯᠡᠯᠲᠡ ᠲᠠᠢ ᠪᠠᠷ ᠰᠠᠶᠢᠲᠤᠷ ᠲᠥᠯᠥᠪᠯᠡᠬᠦ ᠬᠡᠷᠡᠭᠲᠡᠶ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠰᠢᠶᠠᠨ ᠤ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠪᠥᠬᠦ ᠠᠷᠠᠳ ᠤᠨ ᠡᠷᠡᠭᠦᠯ ᠰᠠᠷᠠᠭᠤᠯ ᠠᠮᠢᠳᠤᠷᠠᠯ ᠤᠨ ᠰᠢᠨ᠎ᠡ ᠠᠷᠭ᠎ᠠ ᠮᠠᠶ᠋ᠢᠭ ᠢ ᠢᠳᠡᠪᠬᠢᠲᠡᠶ ᠪᠠᠷ ᠰᠠᠨᠠᠭᠠᠴᠢᠯᠠᠬᠤ ᠬᠡᠷᠡᠭᠳᠡᠢ ᠭᠡᠵᠦ ᠱᠠᠭᠠᠷᠳᠠᠪᠠ᠃      ᠬᠤᠷᠠᠯ ᠠᠴᠠ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠦᠷᠭᠦᠯᠵᠢᠯᠡᠨ ᠰᠠᠶᠢᠳᠤᠷ ᠠᠳᠬᠤᠵᠤ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠭᠰᠡᠨ ᠦᠷ᠎ᠡ ᠪᠦᠲᠦᠭᠡᠯ ᠢ ᠦᠨᠡᠨ ᠬᠦ  ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠬᠠᠷᠠᠯᠲᠠ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠠᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠠᠶᠦᠯᠭᠦᠢ ᠶᠢᠨ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠡᠭᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠢᠳᠡᠪᠬᠢᠲᠡᠶ ᠪᠠᠳᠠᠷᠠᠭᠤᠯᠵᠤ᠂ ᠠᠮᠧᠷᠢᠺᠠ ᠶᠢ ᠡᠰᠡᠷᠭᠦᠴᠡᠨ ᠰᠤᠯᠤᠩᠭᠤᠰ ᠢ ᠲᠤᠰᠠᠯᠠᠬᠤ ᠲᠠᠶᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1