2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠳᠤ ᠨᠡᠷ᠎ᠡ ᠮᠡᠳᠡᠭᠦᠯᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2020/11/19
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ 16 ᠤ ᠡᠳᠦᠷ ᠤᠨ 9᠄ 00 ᠴᠠᠭ ᠲᠤ᠂ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠡᠬᠢᠯᠡᠪᠡ᠃      ᠣᠶᠢᠯᠠᠭᠠᠭᠰᠠᠨ ᠢᠶᠠᠷ᠂ ᠨᠡᠷ᠎ᠡ ᠮᠡᠳᠡᠭᠦᠯᠬᠦ ᠴᠠᠭ ᠨᠢ 11 ᠳ᠋ᠦ᠋ᠭᠡᠷ ᠰᠠᠷ᠎ᠠ ᠶᠢᠨ 27 ᠤ ᠡᠳᠦᠷ ᠤᠨ 18᠄ 00 ᠪᠣᠯᠤᠨ᠎ᠠ᠃ ᠪᠤᠢ ᠪᠦᠬᠦᠢ ᠰᠢᠯᠭᠠᠭᠤᠯᠤᠭᠰᠠᠳ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠ ᠲᠤᠬᠠᠶ ᠶᠢᠨ ᠲᠠᠯᠠᠪᠤᠷ ᠤᠨ ᠨᠤᠲᠠᠯᠠᠯᠲᠠ ᠬᠢᠬᠦ ᠵᠡᠷᠭᠡ ᠨᠡᠷ᠎ᠡ ᠮᠡᠳᠡᠭᠦᠯᠬᠦ ᠭᠠᠷᠳᠠᠮ ᠢ ᠲᠣᠭᠲᠠᠭᠰᠠᠨ ᠬᠤᠭᠤᠴᠠᠭᠠᠨ ᠳᠣᠲᠣᠷ᠎ᠠ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠠᠴᠠ ᠪᠠᠨ ᠬᠡᠲᠦᠷᠡᠪᠡᠯ ᠬᠠᠮᠢᠶ᠎ᠠ ᠪᠦᠬᠦᠢ ᠨᠡᠷ᠎ᠡ ᠮᠡᠳᠡᠭᠦᠯᠬᠦ ᠭᠠᠷᠳᠠᠮ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃ ᠮᠠᠨ ᠤ ᠣᠷᠣᠨ ᠳᠤ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠪᠠ ᠡᠯᠰᠡᠯᠲᠡ ᠳᠤ ᠣᠷᠣᠯᠴᠠᠬᠤ᠂ ᠡᠭᠦᠨ ᠳᠤ ᠨᠠᠮᠤᠷ ᠤᠨ ᠤᠯᠠᠷᠢᠯ ᠤᠨ ᠨᠢᠭᠡᠳᠦᠯᠲᠡᠶ ᠰᠢᠯᠭᠠᠯᠲᠠ᠂ ᠵᠢᠩᠬᠢᠨᠢ ᠠᠩᠭᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠬᠢᠷᠢ ᠭᠡᠮ ᠤᠨ ᠰᠢᠯᠭᠠᠯᠲᠠ᠂ ᠵᠢᠩᠬᠢᠨᠢ ᠠᠩᠭᠢ ᠶᠢᠨ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠯᠭᠠᠯᠲᠠ᠂ ᠵᠡᠮᠳᠡᠭ ᠰᠣᠷᠣᠭᠴᠢ ᠶᠢᠨ ᠲᠤᠰᠠᠭᠠᠷ ᠰᠢᠯᠭᠠᠯᠲᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠠᠭᠠᠷ ᠰᠣᠷᠣᠭᠴᠢ ᠡᠯᠰᠡᠬᠦ᠂ ᠭᠤᠷᠪᠠ ᠬᠤᠶᠠᠷ ᠬᠡᠰᠡᠭ ᠬᠤᠪᠢᠶᠠᠷᠢᠯᠠᠭᠰᠠᠨ ᠳᠤᠮᠳᠠ ᠦᠨᠳᠦᠷ ᠵᠡᠷᠭᠡ ᠶᠢᠨ ᠠᠵᠢᠯ ᠮᠡᠷᠭᠡᠵᠢᠯ᠂ ᠪᠠᠭᠠᠴᠤᠳ ᠤᠨ ᠠᠩᠭᠢ᠂ ᠭᠠᠯ ᠤᠨᠲᠠᠷᠠᠭᠠᠬᠤ ᠲᠤᠰᠠᠭᠠᠷ ᠰᠢᠯᠭᠠᠯᠲᠠ ᠵᠡᠷᠭᠡ ᠰᠢᠯᠭᠠᠯᠲᠠ ᠶᠢᠨ ᠲᠥᠷᠥᠯ ᠬᠡᠯᠪᠡᠷᠢ ᠪᠠ ᠰᠠᠭᠤᠷᠢ ᠶᠢ ᠴᠢᠩᠭᠠᠳᠬᠠᠬᠤ ᠲᠥᠯᠥᠪᠯᠡᠭᠡ᠂ ᠥᠨᠳᠥᠷ ᠬᠢᠷᠢ ᠲᠦᠪᠰᠢᠨ ᠪᠥᠬᠦᠶ ᠤᠷᠠᠯᠢᠭ ᠤᠨ ᠪᠦᠯᠬᠦᠮ᠂ ᠥᠨᠳᠥᠷ ᠬᠢᠷᠢ ᠲᠦᠪᠰᠢᠨ ᠪᠥᠬᠦᠶ ᠲᠠᠮᠢᠷᠴᠢᠨ ︵ᠨᠢᠭᠡᠳᠦᠭᠡᠷ ᠳᠡᠰ ᠤᠨ ᠲᠠᠮᠢᠷᠴᠢᠳ ᠤᠨ ᠲᠤᠰᠠᠭᠠᠷ ᠰᠢᠯᠭᠠᠯᠲᠠ ᠪᠠᠭᠲᠠᠨ᠎ᠠ︶᠂ ᠪᠠᠲᠤᠯᠠᠨ ᠬᠦᠷᠭᠡᠬᠦ ᠰᠣᠷᠣᠭᠴᠢ᠂ ᠪᠤᠰᠤᠳ ᠲᠤᠰᠠᠭᠠᠷ ᠰᠣᠷᠣᠭᠴᠢ ᠡᠯᠰᠡᠬᠦ ᠵᠡᠷᠭᠡ ᠲᠥᠷᠥᠯ ᠬᠡᠯᠪᠡᠷᠢ ᠶᠢᠨ ᠰᠢᠯᠭᠠᠭᠤᠯᠤᠭᠴᠢ ᠶᠢ ᠪᠠᠭᠲᠠᠭᠠᠭᠰᠠᠨ ᠪᠣᠢ ᠪᠦᠬᠦᠢ ᠰᠢᠯᠭᠠᠭᠤᠯᠤᠭᠴᠢ ᠴᠥᠮ ᠨᠡᠷ᠎ᠡ ᠮᠡᠳᠡᠭᠦᠯᠬᠦ ᠭᠠᠷᠳᠠᠮ ᠭᠦᠢᠴᠡᠳᠬᠡᠬᠦ ᠬᠡᠷᠡᠭᠲᠡᠶ᠃      ᠰᠢᠯᠭᠠᠭᠤᠯᠤᠭᠰᠠᠳ ᠵᠠᠷᠴᠢᠮ ᠳᠡᠭᠡᠷ᠎ᠡ ᠪᠠᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ︵ᠳᠣᠷᠣᠭᠰᠢ ᠬᠤᠰᠢᠭᠤ ᠰᠢᠶᠠᠨ ᠭᠡᠵᠦ ᠲᠣᠪᠴᠢᠯᠠᠨ᠎ᠠ︶ ᠤ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠨᠡᠷ᠎ᠡ ᠮᠡᠳᠡᠭᠦᠯᠦᠨ᠎ᠡ᠃ ᠣᠷᠣᠨ ᠤ ᠭᠠᠳᠠᠨᠠᠬᠢ ᠠᠵᠢᠯ ᠬᠥᠳᠡᠯᠮᠦᠷᠢ ᠬᠢᠭᠰᠡᠳ ᠢ ᠳᠠᠭᠠᠵᠤ ᠢᠷᠡᠭᠰᠡᠨ ᠦᠷ᠎ᠡ ᠬᠡᠤᠬᠡᠳ ᠨᠢ ᠪᠣᠯᠬᠤ ᠰᠢᠯᠭᠠᠭᠤᠯᠤᠭᠰᠠᠳ ᠡᠴᠢᠭᠡ ᠡᠬᠡ ᠶᠢᠨ ᠢᠶᠠᠨ ᠡᠷᠦᠬᠡ ᠠᠮᠠ ᠪᠠᠶᠢᠭ᠎ᠠ ᠭᠠᠵᠠᠷ ᠤᠨ ᠬᠤᠰᠢᠭᠤ ᠰᠢᠶᠠᠨ ᠳᠤ ᠨᠡᠷ᠎ᠡ ᠮᠡᠳᠡᠭᠦᠯᠦᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠵᠥᠪᠰᠢᠶᠡᠷᠡᠭᠰᠡᠨ ᠰᠣᠷᠣᠭᠴᠢ ᠡᠯᠰᠡᠬᠦ ᠬᠡᠪᠴᠢᠶᠡᠨ ᠳᠣᠲᠣᠷᠠᠬᠢ ᠠᠶᠢᠮᠠᠭ ᠬᠤᠲᠠ ᠠᠯᠤᠰᠯᠠᠨ ᠡᠯᠰᠡᠬᠦ ᠬᠤᠩ ᡁᠢ ᠠᠩᠭᠢ ᠶᠢᠨ ᠲᠣᠰ ᠬᠤᠭᠤᠴᠠᠭᠠᠨ ᠳᠤ ᠲᠡᠭᠦᠰᠬᠦ ᠰᠣᠷᠣᠭᠴᠢ᠂ ᠠᠶᠢᠮᠠᠭ ᠬᠤᠲᠠ ᠶᠢᠨ ᠰᠢᠭᠤᠳ ᠬᠠᠷᠢᠶ᠎ᠠ ᠳᠡᠭᠡᠳᠦ ᠮᠡᠷᠭᠡᠵᠢᠯ ᠤᠨ ᠳᠤᠮᠳᠠ ᠵᠡᠷᠭᠡ ᠠᠵᠢᠯ ᠮᠡᠷᠭᠡᠵᠢᠯ ᠤᠨ ᠰᠤᠷᠭᠠᠭᠤᠯᠢ ᠶᠢᠨ ᠲᠣᠰ ᠠᠶᠢᠮᠠᠭ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠲᠣᠰ ᠬᠤᠭᠤᠴᠠᠭᠠᠨ ᠳᠤ ᠲᠡᠭᠦᠰᠬᠦ ᠰᠣᠷᠣᠭᠴᠢ᠂ ᠮᠣᠩᠭᠤᠯ ᠢᠶᠠᠷ ᠬᠢᠴᠢᠶᠡᠯᠯᠡᠬᠦ ᠡᠯ᠎ᠡ ᠲᠥᠷᠥᠯ ᠤᠨ ᠲᠣᠰ ᠬᠤᠭᠤᠴᠠᠭᠠᠨ ᠳᠤ ᠲᠡᠭᠦᠰᠬᠦ ᠰᠣᠷᠣᠭᠴᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠣᠰ ᠬᠤᠭᠤᠴᠠᠭᠠᠨ ᠳᠤ ᠲᠡᠭᠦᠰᠬᠦ ᠰᠣᠷᠣᠭᠴᠢ᠂ ᠲᠠᠪᠤᠨ ᠵᠢᠯ ᠤᠨ ᠳᠦᠷᠢᠮᠲᠦ ᠥᠨᠳᠥᠷ ᠵᠡᠷᠭᠡ ᠶᠢᠨ ᠠᠵᠢᠯ ᠮᠡᠷᠭᠡᠵᠢᠯ ᠤᠨ ᠬᠤᠶᠠᠷ ᠭᠤᠷᠪᠠ ᠬᠡᠰᠡᠭ ᠬᠤᠪᠢᠶᠠᠷᠢᠯᠠᠭᠰᠠᠨ ᠲᠣᠰ ᠬᠤᠭᠤᠴᠠᠭᠠᠨ ᠤ ᠬᠡᠰᠡᠭ ᠰᠢᠯᠵᠢᠬᠦ ᠰᠣᠷᠣᠭᠴᠢ ᠵᠡᠷᠭᠡ 5 ᠲᠥᠷᠥᠯ ᠤᠨ ᠰᠢᠯᠭᠠᠭᠤᠯᠤᠭᠴᠢ ᠲᠡᠭᠦᠨ ᠤ ᠰᠤᠷᠭᠠᠭᠤᠯᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠳᠤ ᠨᠡᠷ᠎ᠡ ᠮᠡᠳᠡᠭᠦᠯᠵᠦ ᠪᠣᠯᠤᠨ᠎ᠠ︔ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠥᠩᠭᠡᠷᠡᠭᠰᠡᠨ ᠬᠤᠭᠤᠴᠠᠭᠠᠨ ᠤ ᠰᠣᠷᠣᠭᠴᠢ ︵ᠪᠥᠬᠦ ᠣᠷᠣᠨ ᠠᠴᠠ ᠰᠣᠷᠣᠭᠴᠢ ᠡᠯᠰᠡᠬᠦ ᠳᠤ ᠬᠠᠷᠢᠶᠠᠯᠠᠭᠳᠠᠪᠠᠯ᠂ ᠤᠤᠯ ᠤᠨ ᠰᠤᠷᠤᠯᠴᠠᠵᠤ ᠪᠠᠶᠢᠭᠰᠠᠨ ᠰᠤᠷᠭᠠᠭᠤᠯᠢ ᠶᠢᠨ ᠢᠶᠠᠨ ᠬᠠᠷᠢᠶᠠᠯᠠᠭᠳᠠᠬᠤ ᠪᠦᠬᠦᠢ ᠬᠤᠰᠢᠭᠤ ᠰᠢᠶᠠᠨ ᠳᠤ ᠨᠡᠷ᠎ᠡ ᠮᠡᠳᠡᠭᠦᠯᠵᠦ ᠪᠣᠯᠤᠨ᠎ᠠ︶᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠵᠢᠯ ᠮᠡᠷᠭᠡᠵᠢᠯ ᠤᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠥᠩᠭᠡᠷᠡᠭᠰᠡᠨ ᠬᠤᠭᠤᠴᠠᠭᠠᠨ ᠤ ᠰᠣᠷᠣᠭᠴᠢ᠂ ᠬᠢᠲᠠᠳ ᠬᠡᠯᠡ ᠪᠠᠷ ᠬᠢᠴᠢᠶᠡᠯᠯᠡᠭᠰᠡᠨ ᠬᠥᠬᠡᠭᠴᠢᠨ ᠮᠣᠩᠭᠤᠯ ᠬᠡᠯᠡ ᠨᠡᠮᠡᠵᠦ ᠰᠢᠯᠭᠠᠬᠤ ᠥᠩᠭᠡᠷᠡᠭᠰᠡᠨ ᠬᠤᠭᠤᠴᠠᠭᠠᠨ ᠤ ᠰᠣᠷᠣᠭᠴᠢ᠂ ᠭᠠᠳᠠᠭᠠᠳᠤ ᠬᠡᠯᠡᠨ ᠤ ᠰᠢᠯᠭᠠᠯᠲᠠ ᠳᠤ ᠶᠠᠫᠣᠨ ᠬᠡᠯᠡ ᠪᠤᠶᠤ ᠣᠷᠣᠰ ᠬᠡᠯᠡ ᠰᠢᠯᠭᠠᠭᠤᠯᠬᠤ ᠰᠤᠷᠤᠭᠴᠢ ᠵᠡᠷᠭᠡ 4 ᠲᠥᠷᠥᠯ ᠤᠨ ᠰᠢᠯᠭᠠᠭᠤᠯᠤᠭᠴᠢ ᠶᠢ ᠠᠶᠢᠮᠠᠭ ᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠠᠴᠠ ᠵᠢᠭᠠᠨ ᠲᠣᠭᠲᠠᠭᠠᠭᠰᠠᠨ ᠬᠤᠰᠢᠭᠤ ᠰᠢᠶᠠᠨ ᠳᠤ ᠲᠥᠪᠯᠡᠷᠡᠭᠦᠯᠦᠨ ᠰᠢᠯᠭᠠᠵᠤ ᠪᠣᠯᠤᠨ᠎ᠠ︔ ᠰᠣᠯᠣᠩᠭᠤᠰ ᠬᠡᠯᠡ ᠪᠠᠷ ᠬᠢᠴᠢᠶᠡᠯᠯᠡᠭᠰᠡᠨ ᠰᠢᠯᠭᠠᠭᠤᠯᠤᠭᠴᠢ ᠶᠢ ᠤᠯᠠᠭᠠᠨᠬᠤᠲᠠ ᠳᠤ ᠨᠢᠭᠡᠳᠦᠯᠲᠡᠶ ᠰᠢᠯᠭᠠᠨ᠎ᠠ︔ ᠨᠥᠬᠦᠴᠡᠯ ᠳᠤ ᠨᠡᠶᠢᠴᠡᠬᠦ ᠤᠯᠤᠰ ᠤᠨ ᠲᠤᠰᠬᠠᠶ ᠲᠥᠯᠥᠪᠯᠡᠭᠡ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ ᠲᠤ ᠨᠡᠷ᠎ᠡ ᠮᠡᠳᠡᠭᠦᠯᠬᠦ ᠰᠢᠯᠭᠠᠭᠤᠯᠤᠭᠴᠢ ᠡᠷᠦᠬᠡ ᠠᠮᠠ ᠶᠢᠨ ᠪᠠᠶᠢᠭ᠎ᠠ ᠭᠠᠵᠠᠷ ᠲᠤ ᠪᠠᠨ ᠨᠡᠷ᠎ᠡ ᠮᠡᠳᠡᠭᠦᠯᠦᠨ᠎ᠡ᠂ ᠠᠶᠢᠮᠠᠭ ᠬᠤᠲᠠ ᠶᠢᠨ ᠵᠢᠭᠠᠨ ᠲᠣᠭᠲᠠᠭᠠᠭᠰᠠᠨ ᠡᠷᠦᠬᠡ ᠠᠮᠠ ᠶᠢᠨ ᠳᠠᠩᠰᠠ ᠥᠬᠡᠶ ᠭᠠᠵᠠᠷ ᠲᠤ ᠨᠡᠷ᠎ᠡ ᠮᠡᠳᠡᠭᠦᠯᠵᠦ ᠪᠣᠯᠬᠤ ᠥᠬᠡᠶ᠃ ᠳᠡᠭᠡᠷᠡᠬᠢ ᠪᠠᠶᠢᠳᠠᠯ ᠢ ᠭᠠᠷᠭᠠᠪᠠᠯ᠂ ᠰᠢᠯᠭᠠᠭᠤᠯᠤᠭᠰᠠᠳ ᠠᠶᠢᠮᠠᠭ ᠬᠤᠲᠠ᠂ ᠬᠤᠰᠢᠭᠤ ᠰᠢᠶᠠᠨ ᠠᠯᠤᠰᠯᠠᠨ ᠨᠡᠷ᠎ᠡ ᠮᠡᠳᠡᠭᠦᠯᠵᠦ ᠪᠣᠯᠬᠤ ᠥᠬᠡᠶ᠃      ᠡᠭᠦᠨ ᠠᠴᠠ ᠭᠠᠳᠠᠨ᠎ᠠ ᠣᠶᠢᠯᠠᠭᠠᠭᠰᠠᠨ ᠢᠶᠠᠷ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠠᠯᠪᠠᠨ ᠬᠡᠷ ᠨᠢᠭᠡᠨᠲᠡ ᠮᠡᠳᠡᠭᠳᠡᠯ ᠪᠠᠭᠤᠯᠭᠠᠵᠤ᠂ ᠪᠥᠬᠦ ᠣᠷᠣᠨ ᠤ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠯᠲᠡ ᠳᠤ ᠨᠡᠷ᠎ᠡ ᠮᠡᠳᠡᠭᠦᠯᠬᠦ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1