ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ 30 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ  ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2020/11/19
      11 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ 30 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ  ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠢ ᠡᠷᠬᠢᠯᠡᠵᠡᠢ᠃      ᠬᠤᠷᠠᠯ ᠠᠴᠠ᠂ ᠡᠯ᠎ᠡ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠦ᠂ ᠨᠠᠮ ᠤᠨ ᠲᠥᠪ ᠬᠤᠷᠢᠶᠠᠨ ᠤ ᠴᠠᠭ ᠢ ᠦᠵᠡᠨ ᠪᠠᠶᠢᠳᠠᠯ ᠢ ᠰᠢᠨᠵᠢᠵᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠶᠢ ᠠᠬᠢᠭᠤᠯᠬᠤ ᠡᠷᠡᠰ ᠪᠠᠲᠤ ᠵᠣᠷᠢᠭ ᠢ ᠭᠦᠨᠵᠡᠭᠡᠢ ᠲᠠᠨᠢᠵᠤ᠂ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠵᠣᠷᠢᠭᠲᠠᠶ ᠬᠢᠵᠦ ᠵᠣᠷᠢᠭᠲᠠᠶ ᠲᠤᠷᠰᠢᠬᠤ ᠣᠶᠤᠨ ᠤᠬᠠᠭᠠᠨ ᠢᠶᠠᠨ ᠨᠡᠮᠡᠭᠳᠡᠭᠦᠯᠵᠦ᠂ ᠫᠦᠳᠦ᠋ᠩ ᠤᠨ ᠥᠭᠡᠷᠡᠴᠢᠯᠡᠯᠲᠡ ᠨᠡᠭᠡᠭᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠬᠤᠲᠠ ᠶᠢᠨ ᠵᠠᠰᠠᠯᠲᠠ ᠵᠡᠷᠭᠡ  ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠯᠠᠪᠯᠠᠯᠲᠠ ᠪᠣᠯᠭᠠᠵᠤ᠂ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠶᠡᠭᠡ ᠲᠠᠯ᠎ᠠ ᠠᠴᠠ ᠡᠭᠦᠰᠴᠦ᠂ ᠨᠠᠩ ᠥᠨᠳᠥᠷ ᠡᠬᠢᠯᠡᠯᠲᠡ᠂ ᠨᠠᠩ ᠥᠨᠳᠥᠷ ᠳᠡᠰ ᠳᠠᠪᠬᠤᠷᠭ᠎ᠠ ᠳᠡᠭᠡᠷ᠎ᠡ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢᠨ ᠰᠡᠳᠬᠢᠮᠵᠢ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠨᠠᠩ ᠪᠠᠲᠤ ᠢᠲᠡᠭᠡᠯ ᠵᠣᠷᠢᠭ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠪᠥᠬᠦ ᠰᠢᠶᠠᠨ ᠤ ᠥᠭᠡᠷᠡᠴᠢᠯᠡᠯᠲᠡ ᠬᠦᠭᠵᠢᠯᠳᠡ ᠲᠣᠭᠲᠠᠭᠤᠨ ᠤ ᠡᠯ᠎ᠡ ᠵᠦᠢᠯ ᠤᠨ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠳᠡᠢ ᠭᠡᠵᠦ ᠴᠦᠬᠤᠯᠠᠴᠢᠯᠠᠪᠠ᠃      ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠥᠬᠡᠬᠤᠲᠠ ᠳᠤ ᠲᠣᠭᠤᠷᠢᠨ ᠪᠠᠶᠢᠴᠠᠭᠠᠯᠲᠠ ᠬᠢᠬᠦ ᠦᠶ᠎ᠡ ᠶᠢᠨ ᠵᠢᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ᠂ ᠳ᠋ᠤᠭᠠᠷ ᠢᠶᠠᠷ ᠢᠶᠠᠨ ᠰᠠᠭᠤᠬᠤ᠂ ᠪᠠᠷᠢᠮᠵᠢᠶ᠎ᠠ ᠲᠠᠢ  ᠬᠠᠷᠭᠤᠭᠤᠯᠵᠤ᠂ ᠨᠢᠭᠡ ᠠᠴᠠ ᠨᠥᠭᠦᠭᠡ ᠶᠢ ᠮᠡᠳᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ ᠡᠶᠢᠮᠦᠷᠬᠦ ᠠᠰᠠᠭᠤᠳᠠᠯ ᠪᠠ ᠠᠵᠢᠯ ᠤᠨ ᠳᠤᠲᠠᠭᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠶ ᠲᠣᠭᠲᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠨ᠎ᠠ᠃ ᠤᠷᠳᠤ ᠬᠤᠭᠤᠴᠠᠭᠠᠨ ᠤ ᠡᠭᠦᠷᠭᠡ ᠳᠤ ᠲᠦᠷᠢᠮ ᠲᠣᠭᠲᠠᠭᠠᠯ ᠲᠣᠭᠲᠠᠭᠠᠵᠤ᠂ ᠤᠷᠳᠤ ᠬᠤᠭᠤᠴᠠᠭ᠎ᠠ ᠪᠠᠷ ᠵᠠᠰᠠᠬᠤ ᠪᠠᠶᠢᠩᠭᠤ ᠶᠢᠨ ᠦᠷ᠎ᠡ ᠪᠦᠲᠦᠮᠵᠢ ᠣᠯᠵᠤ᠂ ᠲᠣᠭᠤᠷᠢᠨ ᠪᠠᠶᠢᠴᠠᠭᠠᠬᠤ ᠠᠵᠢᠯ ᠤᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠳᠦᠮᠵᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠭᠡᠵᠦ ᠱᠠᠭᠠᠠᠷᠳᠠᠪᠠ᠃      ᠯᠢᠦ ᠵᠢᠶ ᠶᠢᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠲᠢᠶᠠᠨ ᠸᠧᠨ ᠺᠧ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1