ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠲᠤᠭᠳᠠᠬᠤ ᠰᠢᠶᠠᠨ ᠳᠤ ᠢᠷᠡᠵᠦ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/11/20
      11 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠬᠤᠷᠴᠠ ᠪᠠᠶᠢᠴᠠᠭᠠᠨ ᠰᠤᠳᠤᠯᠬᠤ ᠪᠦᠯᠬᠦᠮ ᠳᠠᠭᠠᠭᠤᠯᠵᠤ ᠲᠤᠭᠳᠠᠬᠤ ᠰᠢᠶᠠᠨ ᠳᠤ ᠢᠷᠡᠵᠦ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠦᠭᠵᠢᠯᠳᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠬᠤᠷᠠᠯ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠰᠦᠩ ᠰᠢᠶᠣᠤ ᠭᠠᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠰᠢᠶᠦ᠋ᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠯᠢ ᠰᠢᠨ᠂ ᠠᠵᠤ  ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠶ᠂ ᠥᠪᠡᠷᠲᠡᠭᠡᠨ ᠵᠠᠰᠠᠬᠤ ᠣᠷᠣᠨ᠂ ᠬᠤᠲᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳ᠋ᠠ ᠲᠠᠩ ᠣᠯᠠᠨ ᠤᠯᠤᠰ ᠤᠨ ᠳᠠᠬᠢᠯᠲᠠ ᠡᠬᠢ ᠪᠠᠶᠠᠯᠢᠭ᠂ ᠶᠢᠨ ᠳ᠋ᠠ ᠸᠧᠶ᠂ ᠶᠢᠨ ᠾᠧ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠤ ᠠᠬᠤᠶᠢᠯᠠᠯ ᠳᠤ ᠬᠦᠷᠴᠦ ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠰᠠᠨᠠᠯ ᠰᠣᠯᠢᠯᠴᠠᠬᠤ ᠵᠡᠷᠭᠡ ᠠᠷᠭ᠎ᠠ ᠮᠠᠶᠠᠭ ᠢᠶᠠᠷ ᠳᠠᠮᠵᠢᠭᠤᠯᠤᠨ᠂ ᠮᠠᠨ ᠤ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠲᠤᠭᠳᠠᠬᠤ ᠰᠢᠶᠠᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠠᠯᠬᠤᠴᠠ ᠶᠢ ᠭᠤᠶᠢᠪᠢᠰᠢ ᠦᠭᠡᠶ ᠲᠦᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠤᠵᠠᠭᠠᠶᠢᠷᠠᠬᠤ ᠶᠢ ᠳᠠᠮᠵᠢᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠭᠲᠠᠬᠤ ᠰᠢᠶᠠᠨ ᠤ ᠴᠠᠬᠢᠯᠭᠠᠨ ᠬᠦᠴᠦᠨ᠂ ᠲᠡᠮᠦᠷᠯᠢᠭ ᠪᠣᠯᠪᠠᠰᠤᠷᠠᠭᠤᠯᠬᠤ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠦᠢᠯᠡᠳᠬᠦ᠂ ᠲᠣᠨᠤᠭ ᠲᠥᠬᠦᠭᠡᠷᠦᠮᠵᠢ  ᠦᠢᠯᠡᠳᠬᠦ ᠵᠡᠷᠭᠡ ᠭᠤᠤᠯ ᠠᠵᠤ ᠦᠢᠯᠡᠰ ᠤᠨ ᠲᠣᠭᠤᠷᠢᠨ ᠳᠤ᠂ ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ ᠪᠦᠬᠦ ᠬᠦᠴᠦᠨ ᠢᠶᠠᠷ ᠪᠤᠶᠢᠵᠢᠭᠤᠯᠤᠨ ᠪᠤᠵᠠᠭᠠᠶᠢᠷᠠᠭᠤᠯᠵᠤ᠂ ︽ᠠᠵᠤ ᠦᠢᠯᠡᠳᠪᠦᠷᠢ ᠪᠠᠷ ᠰᠢᠶᠠᠨ ᠢ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠶᠡᠬᠡᠪᠡᠷ ᠠᠬᠢᠭᠤᠯᠵᠤ᠂ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠲᠣᠭᠲᠠᠬᠤ ᠶᠢᠨ ᠠᠵᠤ ᠠᠬᠤᠶ ᠶᠢᠨ ᠨᠡᠮᠡᠭᠳᠡᠯ ᠤᠨ ᠭᠤᠤᠯ ᠬᠥᠭ ᠠᠶᠠᠰ ᠪᠤᠯᠭᠠᠬᠤ ᠬᠡᠷᠡᠭᠳᠡᠢ ᠭᠡᠵᠦ ᠴᠦᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1