ᠰᠢᠶᠠᠨ ᠤ ᠤᠯᠤᠰ ᠲᠥᠷᠥ ᠶᠢᠨ ᠵᠥᠪᠯᠡᠯᠭᠡᠨ ᠠᠴᠠ ᠮᠠᠨ ᠤ ᠰᠢᠶᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/11/20
      11 ᠰᠠᠷ᠎ᠠ ᠶᠢᠨ 17 ᠤ ᠡᠳᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ ᠪᠦᠯᠬᠦᠮ ᠳᠠᠭᠠᠭᠤᠯᠤᠨ ᠮᠠᠨ ᠤ ᠰᠢᠶᠠᠨ ᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠱᠤᠸᠠᠩ ᠾᠧ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ  ᠲᠠᠮᠵᠢᠭᠤᠯᠤᠨ᠂ ᠮᠠᠨ ᠤ ᠰᠢᠶᠠᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠠᠷᠭ᠎ᠠ ᠬᠢᠳᠡᠯ ᠵᠢᠴᠢ ᠤᠷᠤᠰᠢᠵᠤ ᠪᠠᠶᠢᠭ᠎ᠠ ᠠᠵᠢᠯ ᠤᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠪᠤᠯ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠠᠮᠤᠷ ᠲᠦᠪᠰᠢᠨ ᠤ ᠪᠠᠶᠢᠭᠤᠯᠤᠯᠲᠠ᠂ ᠬᠠᠤᠯᠢᠵᠢᠯ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠶ ᠃ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠡᠭᠦᠰᠦᠯᠲᠡ ᠪᠠ ᠵᠣᠭᠰᠣᠴᠠ ᠶᠣᠰᠣᠭᠠᠷ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠳᠤ ᠣᠯᠵᠤ ᠮᠡᠳᠡᠭᠰᠡᠨ ᠠᠷᠬᠠᠭ ᠭᠡᠮ ᠲᠠᠢ ᠵᠥᠷᠢᠴᠡᠯ ᠤᠨ ᠠᠰᠠᠭᠤᠳᠠᠯ ᠢ ᠰᠢᠢᠳᠪᠦᠷᠢᠯᠡᠨ᠎ᠡ᠃ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢᠨ ᠲᠠᠯ᠎ᠠ ᠪᠠᠷ ᠬᠢ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠲᠠᠴᠠ ᠶᠢᠨ ᠪᠠᠶᠢᠭᠤᠯᠤᠯᠲᠠ᠂ ᠡᠬᠢ ᠪᠠᠶᠠᠯᠢᠭ ᠤᠨ ᠬᠦᠴᠦᠨ ᠢ ᠨᠢᠭᠡᠳᠦᠯᠲᠡᠶ ᠲᠥᠯᠥᠪᠯᠡᠬᠦ᠂ ᠮᠡᠳᠡᠭᠡ ᠵᠠᠩᠭᠢ ᠶᠢ ᠭᠦᠨᠵᠡᠭᠡᠶ ᠨᠡᠶᠢᠳᠬᠡᠬᠦ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠲᠣᠤᠷ ᠰᠦᠯᠵᠢᠶ᠎ᠡ ᠶᠢᠨ ᠪᠠᠶᠢᠭᠤᠯᠤᠯᠳᠠ ᠶᠢ ᠶᠡᠬᠡᠪᠡᠷ ᠲᠦᠯᠬᠢᠨ ᠠᠬᠢᠭᠤᠯᠤᠨ᠎ᠠ ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠰᠠᠶᠢᠲᠤᠷ ᠬᠡᠷᠡᠭᠯᠡᠵᠦ᠂ ᠤᠶᠤᠨᠴᠢᠯᠠᠭᠰᠠᠨ ᠲᠠᠪᠴᠠᠩ ᠪᠣᠯᠤᠨ ᠲᠣᠮᠣ ᠳ᠋ᠠᠶᠢᠲ᠋ᠠ ᠵᠡᠷᠭᠡ ᠲᠡᠷᠢᠭᠦᠨ ᠤ ᠠᠷᠭ᠎ᠠ ᠪᠠᠷᠢᠯ ᠢ ᠭᠦᠢᠴᠡᠳ ᠠᠰᠢᠭᠯᠠᠵᠤ᠂ ᠮᠡᠳᠡᠭᠡ ᠵᠠᠩᠭᠢᠵᠢᠯᠲᠠ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠦ᠂ ᠪᠦᠬᠦ ᠰᠢᠶᠠᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧᠦ ᠯᠢᠨ ᠹᠧᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠᠩ ᠰᠢᠶᠤᠤ ᠳ᠋ᠦᠩ᠂ ᠬᠡᠰᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1