ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/11/24
       ᠤᠶᠢᠷ᠎ᠠ ᠶᠢᠨ ᠬᠤᠭᠤᠴᠠᠭᠠᠨ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶ᠎ᠠ ᠲᠣᠭᠤᠷᠢᠭ ᠤᠨ ᠳᠣᠲᠣᠷᠠᠬᠢ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠬᠤ ᠪᠠ ᠲᠤᠰᠬᠠᠶ ᠵᠦᠢᠯ ᠤᠨ ᠪᠠᠶᠢᠴᠠᠭᠠᠯᠲᠠ ᠬᠢᠵᠦ᠂ ᠬᠤᠭᠤᠴᠠᠭ᠎ᠠ ᠨᠢ ᠲᠤᠯᠤᠭᠰᠠᠨ ᠪᠠ  ᠰᠢᠨ᠎ᠡ ᠪᠠᠷ ᠡᠷᠬᠢᠯᠡᠭᠰᠡᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠬᠤᠲᠠ ᠶᠢᠨ ᠲᠣᠪᠴᠢᠶ᠎ᠠ ᠶᠢᠨ ︽ᠬᠥᠬᠡᠬᠤᠲᠠ ᠶᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠱᠠᠯᠠᠪᠳᠠᠨ ᠭᠤᠶᠤᠴᠢᠯᠠᠨ ᠲᠠᠩᠰᠠᠯᠠᠭᠤᠯᠪᠠ᠃      ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠯᠲᠡ ᠶᠢᠨ ᠴᠠᠭ ᠦᠶ᠎ᠡ ᠳᠤ ᠶᠠᠪᠤᠭᠳᠠᠭᠤᠯᠵᠤ᠂ ︽ᠵᠢᠵᠢᠭ ᠬᠤᠭᠤᠯᠠᠨ ᠰᠢᠷᠡᠭᠡ︾ ᠶᠢᠨ ᠠᠵᠢᠯᠯᠠᠭᠴᠢᠳ ᠤᠨ ᠡᠷᠡᠭᠦᠯ ᠬᠠᠮᠠᠭᠠᠯᠠᠯ ᠵᠢᠴᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠠᠶᠢᠳᠠᠯ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠦᠨ ᠦᠢᠯᠡᠳᠬᠦ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ᠂ ᠢᠳᠡᠭᠡᠨ ᠤ ᠥᠯᠢᠭᠡᠷ ᠶᠠᠩᠵᠤ ᠦᠯᠡᠳᠡᠭᠡᠬᠦ᠂ ᠭᠡᠷᠡᠴᠢ ᠪᠠᠷᠢᠮᠲᠠ ᠠᠪᠬᠤ ᠵᠢᠴᠢ ᠡᠬᠡ ᠲᠠᠩᠰᠠ ᠶᠢᠨ ᠬᠠᠮᠢᠶᠠᠷᠤᠯᠲᠠ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠬᠠᠤᠯᠢ ᠠᠴᠠ ᠵᠥᠷᠢᠴᠡᠨ ᠢᠳᠡᠭᠡᠨ ᠤ ᠨᠡᠮᠡᠯᠲᠡ ᠡᠳ᠋ ᠨᠡᠮᠡᠬᠦ ᠪᠠ ᠳᠤᠷ᠎ᠠ ᠪᠠᠷ ᠢᠶᠠᠨ ᠬᠡᠷᠡᠭᠯᠡᠬᠦ᠂ ᠬᠤᠭᠤᠴᠠᠭ ᠎ᠠ ᠠᠴᠠ ᠬᠡᠲᠦᠷᠡᠭᠰᠡᠨ ᠢᠳᠡᠭᠡᠨ ᠢ ᠬᠡᠷᠡᠭᠯᠡᠬᠦ᠂ ᠬᠢᠵᠢᠭ ᠪᠠᠶᠢᠴᠠᠭᠠᠬᠤ ᠪᠠᠶᠢᠭᠤᠯᠤᠮᠵᠢ ᠶᠢᠨ ᠬᠢᠵᠢᠭ ᠢ ᠪᠠᠶᠢᠴᠠᠭᠠᠭᠰᠠᠨ ᠦᠭᠡᠶ ᠮᠢᠬᠠᠨ ᠤ ᠲᠥᠷᠥᠯ ᠵᠢᠴᠢ ᠲᠡᠭᠦᠨ ᠤ ᠪᠦᠲᠦᠭᠡᠭᠳᠡᠬᠦᠨ ᠢ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠲᠣᠰ ᠤᠳᠠᠭᠠᠨ ᠤ ᠪᠠᠶᠢᠴᠠᠭᠠᠯᠲᠠ ᠨᠢ 24ᠡᠷᠤᠬᠡ ︽ᠵᠢᠵᠢᠭ ᠬᠤᠭᠤᠯᠠᠨ ᠰᠢᠷᠡᠭᠡ︾ ᠳᠤ ᠶᠠᠪᠤᠭᠳᠠᠭᠰᠠᠨ ᠪᠠᠶᠢᠨ᠎ᠠ᠃      ᠡᠨᠡ ᠤᠳᠠᠭᠠᠨ ᠤ ᠲᠤᠰᠬᠠᠶ ᠪᠠᠶᠢᠴᠠᠭᠠᠯᠲᠠ ᠳᠤ᠂ ᠨᠢᠭᠡ ᠳᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ ᠂ ︽ᠵᠢᠵᠢᠭ ᠬᠤᠭᠤᠯᠠᠨ ᠰᠢᠷᠡᠭᠡ︾ ᠶᠢᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠨᠢᠭᠡᠨᠲᠡ ᠡᠭᠦᠳᠡ ᠪᠠᠨ ᠨᠡᠭᠡᠭᠡᠭᠰᠡᠨ ᠵᠢᠵᠢᠭ ᠬᠤᠭᠤᠯᠠᠨ ᠰᠢᠷᠡᠭᠡᠨ ᠳᠤ ᠠᠪᠴᠤ ᠬᠡᠯᠡᠪᠡᠯ᠂ ᠬᠠᠤᠯᠢ ᠬᠡᠷᠡᠭᠵᠢᠭᠦᠯᠬᠦ ᠠᠵᠢᠯᠲᠠᠨ ᠲᠡᠭᠦᠨ ᠢ ᠱᠠᠭᠠᠷᠳᠠᠨ ᠵᠢᠯᠣᠭᠤᠳᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠠᠵᠢᠯ ᠡᠬᠢᠯᠡᠭᠡᠳᠦᠶ ᠵᠢᠵᠢᠭ ᠬᠤᠭᠤᠯᠠᠨ ᠰᠢᠷᠡᠭᠡᠨ ᠳᠤ ᠦᠷᠭᠦᠯᠵᠢᠯᠡᠨ ᠠᠩᠬᠠᠷᠤᠯ ᠲᠠᠯᠪᠢᠵᠤ᠂ ᠴᠠᠭ ᠲᠤᠬᠠᠶ ᠳᠤᠨᠢ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠯᠲᠡ ᠶᠢᠨ ᠪᠠᠶᠢᠳᠠᠯ ᠢ ᠡᠵᠡᠮᠰᠢᠵᠦ᠂ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠬᠤᠶᠠᠷ ᠲᠤ᠂ ᠭᠡᠷᠡᠴᠢ ᠦᠨᠡᠮᠯᠡᠯ ᠢ ᠴᠢᠩᠭ᠎ᠠ ᠪᠠᠶᠢᠴᠠᠭᠠᠨ᠎ᠠ᠃ ᠠᠵᠢᠯᠲᠠᠳ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠪᠣᠯᠤᠨ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠦᠨᠡᠮᠯᠡᠯ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠬᠤ ᠠᠭᠤᠯᠭ᠎ᠠ ᠪᠣᠯᠭᠠᠵᠤ᠂ ᠢᠳᠡᠭᠡᠨ ᠤ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ ᠡᠷᠡᠭᠦᠯ ᠮᠡᠨᠳᠦ ᠶᠢᠨ  ᠦᠨᠡᠮᠯᠡᠯ ᠪᠣᠯᠤᠨ ᠠᠵᠢᠯ ᠡᠷᠬᠢᠯᠡᠭᠰᠡᠳ ᠤᠨ ᠬᠠᠷᠢᠯᠴᠠᠨ ᠨᠡᠶᠢᠴᠡᠬᠦ ᠡᠰᠡᠬᠦ ᠶᠢ ᠣᠨᠴᠠᠭᠠᠶ ᠪᠠᠶᠢᠴᠠᠭᠠᠯᠲᠠ ᠶᠢᠨ ᠲᠥᠷᠥᠯ ᠵᠦᠢᠯ ᠪᠣᠯᠭᠠᠵᠤ᠂ ᠡᠭᠦᠨ ᠤ ᠳᠤ ᠬᠠᠮᠲᠤ ᠠᠵᠢᠯᠲᠠᠳ ︽ᠵᠢᠵᠢᠭ ᠬᠤᠭᠤᠯᠠᠨ ᠰᠢᠷᠡᠭᠡ︾ ᠡᠵᠡᠩᠨᠡᠭᠴᠢ ᠳᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠶᠢᠨ ᠲᠣᠭᠲᠠᠭᠠᠯ ᠢ ᠤᠬᠠᠭᠤᠯᠵᠤ᠂ ᠢᠳᠡᠭᠡᠨ ᠤ ᠠᠶᠤᠯ ᠦᠭᠡᠶ ᠶᠢᠨ ᠨᠢᠭᠡᠳᠦᠭᠡᠷ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠦᠷᠢᠵᠢᠭᠤᠯᠵᠦ᠂ ᠢᠳᠡᠭᠡᠨ ᠤ ᠠᠶᠤᠯ ᠦᠭᠡᠶ ᠶᠢᠨ ᠥᠪᠡᠷ ᠢ ᠪᠠᠨ ᠪᠠᠶᠢᠴᠠᠭᠠᠬᠤ ᠶᠢ ᠤᠬᠠᠮᠰᠠᠷ ᠠᠴᠠ ᠪᠠᠨ ᠦᠷᠨᠢᠭᠦᠯᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠢᠳᠡᠭᠡᠨ ᠤ ᠠᠶᠤᠯ ᠦᠭᠡᠶ ᠶᠢᠨ ᠥᠪᠡᠷ ᠢ ᠪᠠᠨ ᠬᠠᠮᠢᠶᠠᠷᠠᠬᠤ ᠠᠵᠢᠯ ᠢ ᠰᠠᠶᠢᠲᠤᠷ ᠬᠢᠪᠡ᠃ ᠭᠤᠷᠪᠠ ᠳᠤ᠂ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠢᠳᠡᠭᠡᠨ ᠬᠤᠳᠠᠯᠳᠤᠨ ᠠᠪᠬᠤ᠂ ᠪᠣᠯᠪᠠᠰᠤᠷᠠᠭᠤᠯᠬᠤ ᠪᠠ ᠬᠠᠮᠢᠶᠠᠷᠬᠤ ᠪᠦᠬᠦ ᠱᠤᠭᠤᠮ ᠤᠨ ᠬᠢᠨᠠᠯᠲᠠ ᠬᠠᠮᠢᠶᠠᠷᠤᠯᠲᠠ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠤ ᠶᠠᠩᠵᠤ ᠦᠯᠡᠳᠡᠭᠡᠬᠦ ᠳᠦᠷᠢᠮ᠂ ᠢᠳᠡᠭᠡᠨ ᠤ ᠨᠡᠮᠡᠯᠲᠡ ᠡᠳ᠋ ᠢ ᠬᠡᠷᠡᠭᠯᠡᠵᠦ ᠬᠠᠮᠢᠶᠠᠷᠬᠤ ᠵᠡᠷᠭᠡ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠢᠭᠡ ᠨᠢᠭᠡ ᠪᠠᠷ ᠵᠢᠯᠣᠭᠤᠳᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1