ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ 26 ᠳ᠋ᠤᠭᠠᠷ ᠤᠳᠠᠭ᠎ᠠ ᠶᠢᠨ ᠬᠤᠷᠠᠯ ᠵᠢᠴᠢ 23 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/24
      11 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ 26 ᠳ᠋ᠤᠭᠠᠷ ᠤᠳᠠᠭ᠎ᠠ ᠶᠢᠨ ᠬᠤᠷᠠᠯ ᠵᠢᠴᠢ 23 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠯᠢ ᠰᠢᠨ᠂ ᠲᠢᠶᠠᠨ ᠯᠢ ᠵᠢᠶᠦ᠋ᠨ᠂ ᠵᠤᠤ ᠯᠢ ᠮᠢᠨ᠂ ᠯᠦ ᠢᠦᠢ ᠵᠦᠩ ᠬᠤᠷᠠᠯ ᠳᠤ  ᠤᠷᠤᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ  ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ 30 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ ᠰᠠᠶᠢᠳᠤᠷ ᠠᠳᠬᠤᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠳᠡ ᠶᠢ ᠴᠢᠷᠮᠠᠶᠢᠨ ᠠᠬᠢᠭᠤᠯᠤᠨ᠎ᠠ᠃ ᠬᠥᠬᠡᠮᠥ᠋ᠷᠡᠨ ᠤ ᠠᠵᠤ ᠠᠬᠤᠶ ᠶᠢᠨ ᠪᠦᠰᠡ᠂ ᠫᠦᠳᠦᠩ ᠤᠨ ᠥᠭᠡᠷᠡᠴᠢᠯᠡᠯᠲᠡ ᠨᠡᠭᠡᠭᠡᠯᠲᠡ᠂ ᠰᠢᠨᠵᠢᠯᠡᠬᠦ ᠮᠡᠷᠭᠡᠵᠢᠯ ᠤᠨ ᠰᠢᠨ᠎ᠡ ᠡᠭᠦᠳᠦᠯᠲᠡ᠂ ᠬᠤᠲᠠ ᠶᠢᠨ ᠵᠠᠰᠠᠯᠲᠠ ᠵᠡᠷᠭᠡ ᠲᠠᠯ᠎ᠠ ᠶᠢᠨ ᠠᠮᠵᠢᠯᠲᠠ ᠲᠠᠢ ᠲᠤᠷᠰᠢᠯᠭ᠎ᠠ ᠶᠢ ᠢᠳᠡᠪᠬᠢᠳᠡᠢ ᠰᠤᠷᠤᠯᠴᠠᠨ ᠲᠣᠯᠢᠯᠠᠨ᠎ᠠ᠃ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠦᠨᠳᠦᠰᠦᠨ ᠵᠠᠷᠴᠢᠮ ᠢ ᠪᠠᠷᠢᠮᠳᠠᠯᠠᠵᠦ᠂ ᠮᠠᠨ ᠤ ᠰᠢᠶᠠᠨ ᠤ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢᠨ ᠰᠡᠳᠬᠢᠴᠡ ᠶᠢ ᠥᠨᠳᠥᠷ ᠡᠬᠢᠯᠡᠯᠲᠡ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠠᠵᠢᠯ ᠢ ᠴᠢᠨᠠᠷ ᠰᠠᠶᠢᠲᠠᠶ ᠰᠠᠶᠢᠲᠤᠷ ᠬᠢᠨ᠎ᠠ᠃ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠦᠢᠯᠡᠳᠦᠯᠭᠡ ᠶᠢᠨ ᠣᠯᠤᠭᠰᠠᠨ ᠴᠢᠬᠤᠯᠠ ᠶᠡᠭᠡ ᠠᠬᠢᠴᠠ ᠶᠢ ᠭᠦᠨᠵᠡᠭᠡᠶ ᠣᠶᠢᠯᠠᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯᠲᠡ ᠪᠠᠲᠤ ᠪᠠᠬᠢ ᠪᠤᠢ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠮᠠᠨ ᠤ ᠰᠢᠶᠠᠨ ᠤ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠳᠤ ᠪᠠᠲᠤᠯᠠᠭ᠎ᠠ ᠬᠠᠩᠭᠠᠨ᠎ᠠ ᠭᠡᠵᠦ ᠴᠢᠬᠤᠯᠠᠴᠢᠯᠠᠪᠠ᠃      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠥᠬᠡᠬᠤᠲᠠ ᠳᠤ ᠭᠦᠨᠵᠡᠭᠡᠶᠢᠷᠡᠨ ᠲᠣᠭᠤᠷᠢᠨ ᠪᠠᠶᠢᠴᠠᠭᠠᠵᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠨ ᠪᠣᠳᠠᠲᠠᠢ ᠠᠳᠬᠤᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠲᠠᠨᠢᠵᠤ ᠠᠪᠬᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠬᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ ︽ᠣᠳᠣᠬᠠᠨ ᠤ ᠥᠭᠡᠷᠡᠴᠢᠯᠡᠯᠲᠡ ᠬᠢᠬᠦ︾ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ︽ᠥᠨᠢ ᠤᠳᠠᠭᠠᠨ  ᠲᠤᠭᠳᠠᠭᠠᠬᠤ︾ ᠳᠦᠷᠢᠮ ᠢ ᠨᠠᠩ ᠲᠡᠭᠦᠯᠳᠡᠷᠵᠢᠭᠦᠯᠵᠦ᠂ ᠴᠢᠩᠭ᠎ᠠ ᠪᠣᠳᠠᠲᠠᠢ ᠪᠠᠶᠢᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠢᠯ ᠤᠨ ᠨᠠᠶᠢᠳᠠᠪᠦᠷᠢᠵᠢᠭᠤᠯᠤᠯᠳᠠ ᠶᠢ ᠡᠷᠡᠰ ᠬᠦᠴᠦᠲᠡᠢ ᠰᠠᠶᠢᠲᠤᠷ ᠠᠳᠬᠤᠬᠤ ᠬᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1