11 ᠰᠠᠷ᠎ᠠ ᠶᠢᠨ 19 ᠤ ᠡᠳᠦᠷ᠂ ᠲᠣᠭᠲᠠᠬᠤ ᠰᠢᠶᠠᠨ ᠤ ᠵᠠᠯᠠᠭᠤᠴᠤᠳ ᠤᠨ ᠠᠵᠢᠯ ᠤᠨᠬᠤᠯᠪᠤᠭᠠᠳᠦ | ᠬᠤᠷᠠᠯ ᠤᠨ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠲᠤᠤᠱᠯᠠᠭᠤᠯᠤᠨ ᠨᠠᠢᠳᠠᠪᠤᠷᠢᠵᠢᠭᠤᠯᠬᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤᠪᠲᠤᠷ | ᠪᠠ ᠣᠷᠳᠣ ᠬᠤᠭᠤᠴᠠᠭᠠᠨ ᠤ ᠵᠠᠯᠠᠭᠤᠴᠤᠳ ᠤᠨ ᠬᠦᠭᠵᠢᠯᠳᠡ ᠶᠢᠨ ᠲᠥᠯᠥᠪᠵᠢᠭᠦᠯᠭᠡ ︵2018 — 2025 | ᠣᠨ︶︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠥᠬᠦ ᠰᠢᠶᠠᠨ ᠤ | ᠵᠠᠯᠠᠭᠤᠴᠤᠳ ᠤᠨ ᠬᠥᠭᠵᠢᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠲᠢᠶᠠᠨ ᠯᠢ | ᠵᠢᠶᠦ᠋ᠨ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠠᠵᠢᠯ ᠤᠨ ᠬᠤᠯᠪᠤᠭᠠᠳᠦ | ᠬᠤᠷᠠᠯ ᠤᠨ ᠠᠩᠬᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ᠂ ᠵᠠᠯᠠᠭᠤᠴᠤᠳ ᠬᠦᠭᠵᠢᠪᠡᠯ ᠤᠯᠤᠰ ᠣᠷᠣᠨ ᠮᠠᠨᠳᠤᠵᠤ᠂ ᠵᠠᠯᠠᠭᠤᠴᠤᠳ ᠬᠦᠴᠦᠷᠬᠡᠭᠵᠢᠪᠡᠯ | ᠤᠯᠤᠰ ᠣᠷᠣᠨ ᠬᠦᠴᠦᠷᠬᠡᠭᠵᠢᠨ᠎ᠡ᠃ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ | ᠪᠦᠷᠢᠯᠳᠦᠬᠦᠨ ᠨᠢᠭᠡᠴᠡ᠂ ᠬᠠᠷᠢᠭᠤᠴᠠᠯᠭᠠᠲᠤ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ | ᠭᠦᠨᠵᠡᠭᠡᠶ ᠣᠶᠢᠯᠠᠭᠠᠵᠤ᠂ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠠ ᠲᠤᠯᠭᠠᠮ᠎ᠠ | ᠰᠡᠳᠬᠢᠯᠭᠡ ᠪᠠᠨ ᠨᠡᠮᠡᠭᠳᠡᠭᠦᠯᠵᠦ᠂ ᠮᠠᠨ ᠤ ᠰᠢᠶᠠᠨ ᠤ ︽ᠲᠥᠯᠥᠪᠵᠢᠭᠦᠯᠪᠡ︾ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠶᠣᠰᠣᠭᠠᠷ᠂ ᠲᠤᠰ ᠪᠡᠶ᠎ᠡ ᠶᠢᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠳᠤᠷ ᠠᠳᠬᠤᠵᠤ᠂ | ᠪᠦᠬᠦ ᠰᠢᠶᠠᠨ ᠤ ᠵᠠᠯᠠᠭᠤᠴᠤᠳ ᠤᠨ ᠠᠵᠢᠯ ᠤᠨ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠵᠠᠯᠠᠭᠤᠴᠤᠳ ᠤᠨ ᠠᠵᠢᠯ ᠤᠨ ᠬᠤᠯᠪᠤᠭᠠᠳᠦ ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠨᠢᠭᠡᠳᠦᠯᠳᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ | ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠨ᠎ᠠ ᠭᠡᠵᠦ | ᠴᠢᠬᠤᠯᠠᠴᠢᠯᠠᠪᠠ ᠃ | ᠬᠤᠷᠠᠯ ᠠᠴᠠ᠂ ᠪᠦᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠪᠣᠯᠤᠨ ᠵᠠᠯᠠᠭᠤᠴᠤᠳ ᠤᠨ | ᠦᠰᠦᠨ ᠪᠤᠶᠢᠵᠢᠵᠤ ᠴᠢᠳᠠᠪᠤᠷᠢᠲᠠᠨ ᠪᠣᠯᠬᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠣᠳᠣᠬᠠᠨ ᠤ ᠪᠠᠶᠢᠳᠠᠯ ᠳᠤ | ᠰᠠᠭᠤᠷᠢᠯᠠᠨ᠂ ᠠᠯᠤᠰ ᠬᠡᠳᠦ ᠶᠢ ᠪᠣᠳᠣᠯᠬᠢᠯᠠᠬᠤ ᠬᠡᠷᠡᠭᠲᠡᠶ᠃ ᠵᠠᠷᠴᠢᠮ ᠢ ᠪᠠᠷᠢᠮᠲᠠᠯᠠᠨ᠂ ᠭᠤᠣᠯ ᠱᠤᠭᠤᠮ ᠲᠠᠢ ᠨᠢᠭᠲᠠ | ᠤᠶᠠᠯᠳᠤᠭᠤᠯᠤᠨ᠂ | ︽ᠲᠥᠯᠥᠪᠵᠢᠭᠦᠯᠪᠡ︾ ᠶᠢᠨ ᠡᠭᠦᠷᠭᠡ ᠶᠢ ᠪᠠᠳᠤᠳᠠᠢ ᠳᠤ ᠨᠠᠶᠢᠳᠠᠪᠤᠷᠢᠵᠢᠭᠤᠯᠬᠤ ᠶᠢ ᠴᠢᠷᠮᠠᠶᠢᠨ ᠠᠬᠢᠭᠤᠯᠤᠨ᠎ᠠ᠃ ︽ | ᠨᠠᠮ ᠠᠴᠠ ᠵᠠᠯᠠᠭᠤᠴᠤᠳ ᠢ ᠬᠠᠮᠢᠶᠠᠷᠬᠤ︾ ᠵᠠᠷᠴᠢᠮ ᠢ ᠲᠤᠪᠤᠶᠢᠯᠭᠠᠵᠦ᠂ ᠵᠠᠯᠠᠭᠤᠴᠤᠳ ᠤᠨ ᠠᠵᠢᠯ ᠤᠨ ᠴᠢᠭᠯᠡᠯ ᠢ | ᠨᠡᠩ ᠰᠠᠶᠢᠲᠤᠷ ᠡᠵᠡᠮᠳᠡᠬᠦ ᠬᠡᠷᠡᠭᠲᠡᠢ︔ ᠤᠯᠤᠰ ᠲᠥᠷᠥ ᠪᠠᠷ ᠡᠨᠡᠬᠦ ᠰᠦᠭ ᠰᠦᠨᠡᠰᠦ ᠶᠢ ᠬᠥᠲᠥᠯᠥᠨ ᠳᠠᠭᠠᠭᠤᠯᠬᠤ ᠶᠢ | ᠳᠣᠪᠤᠶᠢᠯᠭᠠᠵᠤ᠂ ᠵᠠᠯᠠᠭᠤᠴᠤᠳ ᠤᠨ ᠦᠵᠡᠯ ᠰᠠᠨᠠᠭ᠎ᠠ ᠶᠢ ᠨᠠᠩ ᠰᠠᠶᠢᠲᠤᠷ ᠪᠤᠶᠢᠵᠢᠭᠤᠯᠤᠨ ᠵᠢᠯᠣᠭᠤᠳᠬᠤ ᠬᠡᠷᠡᠭᠲᠡᠶ︔ | ᠡᠷᠡᠭᠦᠯ ᠢᠶᠠᠷ ᠦᠰᠦᠨ ᠪᠤᠶᠢᠵᠢᠬᠤ ᠡᠨᠡ ᠬᠦ ᠬᠠᠷᠠᠯᠲᠠ ᠶᠢ ᠲᠤᠪᠤᠶᠢᠯᠭᠠᠵᠤ᠂ ᠵᠠᠯᠠᠭᠤᠴᠤᠳ ᠤᠨ ᠬᠥᠭᠵᠢᠯᠲᠡ | ᠲᠠᠪᠰᠢᠯᠳᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ︔ ᠡᠷᠬᠡ ᠠᠰᠢᠭ ᠢ ᠪᠠᠲᠤᠯᠠᠬᠤ ᠡᠨᠡ ᠬᠦ ᠵᠠᠩᠭᠢᠯᠠᠭ᠎ᠠ ᠶᠢ | ᠲᠤᠪᠤᠶᠢᠯᠭᠠᠵᠦ᠂ ᠥᠷᠭᠡᠨ ᠤᠯᠠᠨ ᠵᠠᠯᠠᠭᠤᠴᠤᠳ ᠤᠨ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ︔ | ᠬᠥᠭᠵᠢᠯᠲᠡ ᠶᠢ ᠠᠬᠢᠭᠤᠯᠬᠤ ᠡᠨᠡ ᠬᠦ ᠶᠡᠭᠡ ᠲᠠᠯ᠎ᠠ ᠶᠢ ᠲᠤᠪᠤᠶᠢᠯᠭᠠᠵᠤ᠂ ᠥᠷᠭᠡᠨ ᠤᠯᠠᠨ ᠵᠠᠯᠠᠭᠤᠴᠤᠳ ᠤᠨ | ᠬᠦᠴᠦᠨ ᠢ ᠨᠡᠩ ᠰᠠᠶᠢᠲᠤᠷ ᠨᠢᠭᠳᠠᠷᠠᠭᠤᠯᠬᠤ ᠬᠡᠷᠡᠭᠳᠡᠢ ᠭᠡᠵᠦ ᠱᠠᠭᠠᠷᠳᠠᠪᠠ᠃ | ᠬᠤᠷᠠᠯ ᠠᠴᠠ ᠵᠠᠯᠠᠭᠤᠴᠤᠳ ᠤᠨ ᠠᠵᠢᠯ ᠤᠨ ᠬᠤᠯᠪᠤᠭᠠᠳᠦ ᠬᠤᠷᠠᠯ ᠤᠨ ᠠᠩᠬᠠᠳᠤᠭᠠᠷ ᠪᠦᠬᠦᠳᠡ ᠬᠤᠷᠠᠯ ᠤᠨ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠤᠭᠤᠷᠪᠢᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠵᠦ᠂ ︽ | ᠲᠣᠭᠲᠠᠬᠤ ᠰᠢᠶᠠᠨ ᠤ ᠵᠠᠯᠠᠭᠤᠴᠤᠳ ᠤᠨ ᠠᠵᠢᠯ ᠤᠨ ᠬᠤᠯᠪᠤᠭᠠᠳᠦ ᠬᠤᠷᠠᠯ ᠤᠨ ᠬᠡᠷᠡᠭ ᠵᠥᠪᠯᠡᠬᠦ ᠳᠦᠷᠢᠮ︾᠂ ︽ | ᠲᠣᠭᠲᠠᠬᠤ ᠰᠢᠶᠠᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤᠪᠲᠤᠷ ᠪᠠ ᠤᠷᠲᠤ | ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵2018 — 2025 ᠣᠨ︶﹀ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾᠂ ︽ | ᠲᠣᠭᠲᠠᠬᠤ ᠰᠢᠶᠠᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤᠪᠲᠤᠷ ᠪᠠ ᠤᠷᠲᠤ | ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵2018 — 2025 ᠣᠨ︶﹀ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠭᠦᠢᠴᠡᠳᠬᠡᠯ ᠲᠤᠭ᠎ᠠ︾ ᠶᠢ | ᠰᠤᠳᠤᠯᠤᠨ ᠬᠢᠨᠠᠨ ᠵᠥᠪᠯᠡᠪᠡ᠃ |