ᠲᠣᠭᠲᠠᠬᠤ ᠰᠢᠶᠠᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠶᠢᠨ ᠡᠷᠳᠡᠨᠢ ᠰᠢᠰᠢ ᠶᠢᠨ ᠦᠢᠯᠡᠳᠪᠦᠷᠢᠯᠡᠯ ᠤᠨ ᠳᠠᠷᠠᠭᠠᠬᠢ ᠬᠠᠮᠢᠶᠠᠷᠤᠯᠲᠠ ᠶᠢ ᠰᠠᠶᠢᠲᠤᠷ ᠬᠢᠵᠦ ᠡᠷᠳᠡᠨᠢ ᠰᠢᠰᠢ ᠶᠢᠨ ᠪᠣᠷᠣᠯᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2020/11/27
      ᠡᠨᠡ ᠵᠢᠯ ᠪᠦᠬᠦ ᠪᠥᠮᠪᠥᠷᠴᠡᠭ ᠢ ᠬᠠᠮᠤᠷᠤᠭᠰᠠᠨ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠨᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠯᠤᠲᠤ ᠶᠡᠭᠡ ᠳᠠᠭᠠᠷᠢᠯᠲᠠ ᠪᠣᠯᠤᠭᠰᠠᠨ ᠪᠠᠶᠢᠨ᠎ᠠ᠃ ᠨᠠᠮ ᠤᠨ ᠲᠥᠪ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠦᠶ᠎ᠡ ᠶᠢᠨ ᠴᠢᠨᠠᠷᠲᠠᠶ ᠢᠯᠠᠯᠲᠠ ᠣᠯᠤᠭᠰᠠᠨ ᠪᠠᠶᠢᠨ᠎ᠠ᠃ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠳᠡᠭᠡᠭᠰᠢᠯᠡᠵᠦ᠂ ᠠᠮᠤ ᠪᠤᠳᠠᠭ᠎ᠠ ᠡᠯᠪᠡᠭ ᠬᠤᠷᠢᠶᠠᠯᠲᠠ ᠣᠯᠵᠤ᠂ ᠬᠠᠷᠢᠶ᠎ᠠ ᠣᠷᠣᠨ ᠤ ᠡᠷᠳᠡᠨᠢ ᠰᠢᠰᠢ ᠶᠢ ᠨᠢᠳᠤᠨᠤᠨ ᠤ ᠬᠤᠷᠢᠶᠠᠯᠲᠠ ᠶᠢᠨ ᠬᠤᠭᠤᠴᠠᠭ᠎ᠠ ᠠᠴᠠ ᠬᠠᠭᠠᠰ ᠰᠠᠷ᠎ᠠ  ᠤᠷᠢᠳᠴᠢᠯᠡᠨ 10 ᠰᠠᠷ᠎ᠠ ᠶᠢᠨ ᠳᠤᠮᠳᠠᠴᠢ ᠪᠠᠷ ᠲᠤᠰ ᠲᠤᠰ ᠡᠳ᠋ᠰᠢᠭᠦᠯᠬᠦ᠂ ᠬᠤᠪᠢᠷᠠᠭᠤᠯᠤᠬᠤ᠂ ᠬᠤᠳᠠᠯᠳᠤᠨ ᠠᠪᠴᠤ᠂ ᠬᠠᠳᠠᠭᠠᠯᠠᠬᠤ ᠠᠷᠠᠯᠵᠢᠶᠠᠨ ᠤ ᠠᠵᠤ ᠠᠬᠤᠶᠢᠯᠠᠯ ᠠᠴᠠ ᠬᠤᠳᠠᠯᠳᠤᠨ ᠠᠪᠴᠠᠶ᠃ ᠬᠤᠳᠠᠯᠳᠤᠨ ᠠᠪᠬᠤ ᠦᠨ᠎ᠡ ᠬᠠᠩᠰᠢ ᠢᠯᠡᠳᠲᠡ ᠥᠰᠴᠦ᠂ ᠥᠰᠥᠯᠲᠡ ᠨᠢ 23% ᠳᠤ ᠬᠦᠷᠴᠦ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠬᠤᠳᠠᠯᠳᠤᠬᠤ ᠢᠳᠡᠪᠬᠢᠵᠢᠯ ᠥᠨᠳᠥᠷ ᠪᠠᠶᠢᠵᠤ᠂ ᠡᠯ᠎ᠡ ᠲᠥᠷᠥᠯ ᠤᠨ ᠬᠤᠳᠠᠯᠳᠤᠨ ᠠᠪᠬᠤ ᠭᠤᠤᠯ ᠴᠣᠭᠴᠠ ᠠᠮᠤ ᠪᠤᠳᠠᠭ᠎ᠠ ᠬᠤᠳᠠᠯᠳᠤᠨ ᠠᠪᠬᠤ ᠵᠣᠭᠤᠰ ᠢ ᠴᠠᠭ ᠲᠤᠬᠠᠶ ᠳᠤᠨᠢ  ᠦᠭᠭᠦᠭᠰᠡᠨ ᠪᠠᠶᠢᠨ᠎ᠠ᠃ ᠲᠠᠯᠠᠪᠤᠷ ᠤᠨ ᠰᠠᠩ ᠬᠥᠮᠥᠷᠭᠡ ᠨᠢ ᠬᠡᠷᠡᠭᠴᠡᠭᠡ ᠶᠢ ᠬᠠᠩᠭᠠᠵᠤ᠂ ᠬᠠᠲᠠᠭᠠᠬᠤᠢ᠂ ᠠᠮᠤ ᠪᠤᠳᠠᠭ᠎ᠠ ᠬᠠᠳᠠᠭᠠᠯᠠᠬᠤ ᠲᠤ ᠬᠥᠭᠡᠷᠦᠮᠵᠢ ᠶᠢᠨ ᠠᠵᠢᠯᠯᠠᠭᠠᠨ ᠨᠢ ᠬᠡᠪ ᠤᠨ ᠪᠠᠶᠢᠳᠠᠯ ᠲᠠᠢ᠂ ᠬᠤᠳᠠᠯᠳᠤᠨ ᠠᠪᠬᠤ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠣᠳᠣᠬᠠᠨ ᠳᠤ ᠬᠤᠳᠠᠯᠳᠤᠨ ᠠᠪᠬᠤ ᠬᠡᠮᠵᠢᠶ᠎ᠡ ᠨᠢᠭᠡᠨᠲᠡ ᠪᠦᠬᠦ ᠭᠠᠷᠤᠯᠲᠠ ᠶᠢᠨ 60% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ 11 ᠰᠠᠷ᠎ᠠ ᠶᠢᠨ 13 ᠤ ᠡᠳᠦᠷ ᠪᠥᠬᠦ ᠬᠤᠲᠠ ᠶᠢᠨ 2020 ᠣᠨ ᠤ ᠠᠮᠤ ᠪᠤᠳᠠᠭᠠᠨ ᠤ ᠠᠮᠤᠷ ᠲᠦᠪᠰᠢᠨ ᠤ ᠬᠤᠲᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠯᠲᠠ ᠵᠢᠴᠢ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠬᠤᠷᠠᠯ ᠬᠢᠪᠠ᠃ ᠡᠯ᠎ᠡ ᠲᠥᠷᠥᠯ ᠤᠨ ᠬᠤᠳᠠᠯᠳᠤᠨ ᠠᠪᠬᠤ ᠭᠤᠣᠯ ᠴᠣᠭᠴᠠ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯᠯᠠᠭ᠎ᠠ ᠳᠤᠮᠳᠠ ᠢᠯᠡ᠂ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠵᠦ᠂ ︽ᠲᠠᠪᠤ ᠶᠢ ᠬᠡᠷᠡᠭᠵᠢᠭᠦᠯᠬᠦ ᠲᠠᠪᠤ ᠶᠢ ᠥᠯᠥ ᠵᠥᠪᠰᠢᠶᠡᠷᠡᠬᠦ︾ ᠬᠤᠳᠠᠯᠳᠤᠨ ᠠᠪᠬᠤ ᠵᠠᠷᠴᠢᠮ ᠢ ᠰᠠᠶᠢᠲᠤᠷ ᠲᠤᠭᠤᠰᠢᠯᠠᠭᠤᠯᠤᠨ᠎ᠠ᠃ ᠶᠠᠰᠤ ᠴᠢᠨᠠᠷ ᠤᠨ ᠦᠨ᠎ᠡ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠳᠡᠰ ᠳᠠᠷᠤᠵᠤ ᠦᠨ᠎ᠡ ᠪᠠᠭᠤᠷᠠᠭᠤᠯᠬᠤ᠂ ᠳᠡᠰ ᠥᠰᠬᠡᠵᠦ ᠦᠨ᠎ᠡ ᠥᠰᠬᠡᠬᠦ ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠠᠮᠤ ᠪᠤᠳᠠᠭ᠎ᠠ ᠬᠤᠳᠠᠯᠳᠤᠭᠴᠢ ᠶᠢᠨ ᠠᠰᠢᠭ ᠲᠤᠰᠠ ᠶᠢ ᠪᠠᠲᠤᠯᠠᠬᠤ ᠶᠢᠨ ᠬᠠᠮᠲᠤ ᠬᠢᠵᠢᠭ ᠤᠨ ᠪᠠᠶᠢᠳᠠᠯ ᠢ  ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠤᠳᠠᠯᠳᠤᠨ ᠠᠪᠬᠤ ᠶᠢ ᠰᠡᠷᠭᠡᠶᠢᠯᠡᠨ ᠡᠵᠡᠮᠳᠡᠬᠦ ᠶᠢ ᠪᠠᠲᠤᠯᠠᠵᠤ᠂ ᠠᠮᠤ ᠪᠤᠳᠠᠭ᠎ᠠ ᠶᠢ ᠬᠤᠳᠠᠯᠳᠤᠵᠤ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠡᠮᠬᠢ ᠵᠢᠷᠤᠮ ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠵᠠᠬ᠎ᠠ ᠳᠡᠯᠭᠡᠭᠦᠷ ᠢ ᠰᠠᠶᠢᠲᠤᠷ ᠬᠠᠮᠠᠭᠠᠯᠠᠵᠤ᠂ ᠲᠤᠭᠳᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠨ᠂ 12325 ᠪᠦᠬᠦ ᠤᠯᠤᠰ ᠤᠨ ᠠᠮᠤ ᠪᠤᠳᠠᠭᠠᠨ ᠤ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠤᠲᠠᠰᠤ  ᠰᠠᠶᠢᠳᠤᠷ ᠠᠰᠢᠭᠯᠠᠵᠤ᠂ ᠥᠷᠭᠡᠨ ᠣᠯᠠᠨ ᠡᠷᠳᠡᠨᠢ ᠰᠢᠰᠢ ᠲᠠᠷᠢᠬᠤ ᠡᠷᠦᠬᠡ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ︽ᠲᠠᠷᠢᠶᠠᠨ ᠭᠠᠵᠠᠷ ᠠᠮᠤ ᠤᠨᠠᠬᠤ︾ ᠠᠴᠠ ᠪᠣᠯᠤᠭᠰᠠᠨ ᠸᠠᠯᠠᠭᠰᠠᠨ ᠬᠤᠪᠢᠷᠠᠯᠲᠠ ᠶᠢ ᠴᠠᠭ ᠲᠤᠬᠠᠶ ᠳᠤᠨᠢ ᠠᠷᠢᠯᠭᠠᠵᠤ᠂ ᠬᠠᠳᠠᠭᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠮᠤ ᠪᠤᠳᠠᠭ᠎ᠠ ᠬᠤᠳᠠᠯᠳᠤᠬᠤ ᠦᠨ᠎ᠡ ᠶᠢ ᠰᠠᠶᠢᠲᠤᠷ ᠪᠠᠳᠤᠯᠠᠨ᠎ᠠ᠃ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠪ ᠤᠨ ᠪᠠᠶᠢᠳᠠᠯ ᠳᠤ ᠪᠠᠶᠢᠬᠤ ᠪᠣᠯᠬᠤᠷ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠡᠯ᠎ᠡ ᠵᠦᠢᠯ ᠤᠨ ᠲᠣᠭᠲᠠᠪᠤᠷᠢ ᠦᠭᠡᠶ ᠬᠦᠴᠦᠨ ᠵᠦᠢᠯ ᠲᠠᠪᠬᠤᠴᠠᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠤᠪᠢᠷᠠᠯᠲᠠ ᠶᠡᠭᠡ᠂ ᠥᠷᠭᠡᠨ ᠣᠯᠠᠨ ᠲᠠᠷᠢᠮᠠᠯ ᠤᠨ ᠡᠷᠦᠬᠡ ᠴᠠᠭ ᠲᠣᠬᠢᠶᠠᠯ ᠢ ᠰᠠᠶᠢᠲᠤᠷ ᠡᠵᠡᠮᠰᠢᠨ᠂ ᠴᠠᠭ ᠲᠤᠨᠢ ᠲᠣᠬᠢᠷᠠᠭᠤᠯᠤᠨ ᠠᠮᠤ ᠪᠤᠳᠠᠭ᠎ᠠ ᠬᠤᠳᠠᠯᠳᠤᠵᠤ᠂ ᠬᠠᠳᠠᠭᠠᠯᠠᠯᠲᠠ ᠮᠠᠭᠤ ᠶᠢᠨ ᠸᠠᠯᠠᠭᠰᠠᠨ ᠨᠣᠷᠮ᠎ᠠ ᠨᠢ ᠪᠠᠷᠢᠮᠵᠢᠶ᠎ᠠ ᠠᠴᠠ ᠬᠡᠳᠦᠷᠡᠭᠰᠡᠨ ᠠᠴᠠ ᠪᠣᠯᠵᠤ ᠠᠵᠤ ᠠᠬᠤᠶ ᠶᠢᠨ ᠬᠤᠬᠢᠷᠠᠯ ᠠᠴᠠ ᠵᠠᠶᠢᠯᠠᠰᠬᠢᠬᠦ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1