2020 ᠣᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠵᠢᠴᠢ ᠵᠠᠮ  ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ ᠶᠢ ᠬᠢᠨᠠᠨ ᠵᠢᠯᠣᠭᠤᠳᠴᠤ ᠰᠢᠯᠭᠠᠨ ᠦᠨᠡᠯᠡᠬᠦ ᠳᠤᠭᠤᠶᠢᠯᠠᠩ ᠮᠠᠨ ᠤ ᠰᠢᠶᠠᠨ ᠳᠤ ᠮᠤᠷᠢᠯᠠᠨ ᠰᠠᠭᠠᠳᠠᠵᠦ ᠬᠢᠨᠠᠨ ᠵᠢᠯᠣᠭᠤᠳᠴᠤ ᠰᠢᠯᠭᠠᠨ ᠦᠨᠡᠯᠡᠪᠡ
ᠨᠡᠶᠢᠲᠡᠯᠡᠭᠰᠡᠨ ᠴᠠᠭ᠄
2020/11/30
      11 ᠳ᠋ᠤᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠪᠴᠢᠶ᠎ᠠ ᠶᠢᠨ ᠲᠡᠳ᠋ ᠳᠠᠷᠤᠭ᠎ᠠ ᠳ᠋ᠧᠩ ᠴᠠᠩ ᠴᠧᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠳᠤᠮᠳᠠ ᠬᠡᠰᠡᠭ ᠤᠨ ᠣᠷᠣᠨ ᠤ ᠰᠢᠮᠳᠠᠭᠤᠯᠤᠨ ᠵᠢᠯᠣᠭᠤᠳᠴᠤ ᠰᠢᠯᠭᠠᠨ ᠲᠣᠭᠲᠠᠭᠠᠬᠤ ᠳᠤᠭᠤᠶᠢᠯᠠᠩ ᠮᠠᠨ ᠤ ᠰᠢᠶᠠᠨ ᠳᠤ ᠬᠦᠷᠴᠦ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠵᠢᠴᠢ ᠵᠠᠮ ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ ᠵᠡᠷᠭᠡ ᠬᠠᠮᠢᠶ᠎ᠠ ᠪᠥᠬᠦᠶ ᠠᠵᠢᠯ ᠳᠤ ᠰᠢᠮᠳᠠᠭᠤᠯᠤᠨ ᠵᠢᠯᠣᠭᠤᠳᠴᠤ ᠰᠢᠯᠭᠠᠨ ᠦᠨᠡᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠢ ᠶᠢᠩ᠂ ᠰᠢᠶᠠᠨ ᠤ ᠵᠠᠮ ᠬᠠᠷᠢᠯᠴᠠᠭᠠᠨ ᠤ ᠲᠤᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ ᠶᠠᠷᠢᠯᠴᠠᠬᠤ ᠬᠤᠷᠠᠯ ᠳᠤ ᠣᠷᠣᠯᠴᠠᠪᠠ᠃      ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠡᠩ ᠲᠡᠷᠢᠭᠦᠨ ᠳᠤ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶᠡᠴᠢ ᠰᠢᠶᠠᠨ ᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠨᠢ ᠶᠠᠷᠢᠯᠴᠠᠬᠤ᠂ ᠲᠤᠰᠬᠠᠶ ᠰᠡᠳᠦᠪᠲᠦ ᠤᠬᠠᠭᠤᠯᠭ᠎ᠠ ᠶᠢᠨ ᠹᠢᠯᠢᠮ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ ᠪᠠ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠬᠤ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠠᠶᠤᠯᠲᠤ ᠬᠥᠭᠦᠷᠭᠡ ᠶᠢᠨ ᠦᠭᠡᠷᠡᠴᠢᠯᠡᠯᠳᠡ᠂ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠢᠨᠵᠧᠨᠧᠷᠢᠩ᠂ ᠠᠷᠠᠴᠢᠯᠠᠨ ᠬᠠᠮᠠᠭᠠᠯᠠᠬᠤ ᠢᠨᠵᠧᠨᠧᠷᠢᠩ᠂ ᠰᠢᠶᠠᠨ ᠤ ᠱᠠᠲᠤᠨ ᠤ ᠪᠠᠷᠠᠭᠠᠨ ᠤ  ᠭᠦᠢᠯᠭᠡᠭᠡᠨ ᠤ ᠳᠠᠮᠵᠢᠭᠤᠯᠬᠤ ᠥᠷᠲᠡᠭᠡ᠂ ᠵᠠᠰᠠᠭ ᠵᠠᠬᠢᠷᠭᠠᠨ ᠤ ᠲᠣᠰᠬᠤᠨ ᠤ ᠪᠠᠷᠠᠭᠠᠨ ‍ᠤ‌‍ᠭ᠊ ‍ᠦ᠋ᠢᠯᠭᠡᠭᠡᠨ ᠤ ᠴᠢᠭ᠂ ᠵᠠᠮ ᠤᠨ ᠪᠠᠶᠢᠳᠠᠯ ᠤᠨ ᠬᠢᠷᠢ ᠬᠡᠮᠵᠢᠶ᠎ᠡ᠂ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠵᠠᠶ᠃ ᠪᠠᠰᠠ ᠳᠠᠷᠠᠭᠠᠴᠢ ᠶᠢᠨ ᠠᠯᠬᠤᠮ ᠤᠨ ᠠᠵᠢᠯ ᠢ ᠵᠢᠯᠣᠭᠤᠳᠪᠠ᠃      ᠣᠶᠢᠷ᠎ᠠ ᠶᠢᠨ ᠵᠢᠯ ᠠᠴᠠ ᠨᠠᠰᠢ᠂ ᠮᠠᠨ ᠤ ᠰᠢᠶᠠᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠲᠠᠰᠤᠷᠠᠯᠲᠠ ᠤᠢᠭᠡᠢ ᠠᠬᠢᠵᠤ᠂ ᠵᠠᠮ ᠤᠨ ᠲᠣᠤᠷ ᠤᠨ ᠬᠡᠪᠴᠢᠶ᠎ᠡ ᠲᠠᠰᠤᠷᠠᠯᠲᠠ ᠤᠢᠭᠡᠢ ᠥᠷᠭᠡᠳᠴᠦ᠂ 2020 ᠣᠨ ᠪᠣᠯᠲᠠᠯ᠎ᠠ᠂ ᠪᠦᠬᠦ ᠰᠢᠶᠠᠨ ᠢᠶᠠᠷ ᠢᠶᠠᠨ ᠬᠥᠳᠡᠭᠡ ᠲᠣᠰᠬᠤᠨ ᠤ ᠵᠠᠰᠠᠮᠠᠯ ᠵᠠᠮ ᠢ ᠨᠡᠶᠢᠲᠡ 848.808 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠠᠷᠤᠭᠰᠢᠨ ᠱᠦᠶ᠋ᠨᠢ ᠵᠠᠮ ᠨᠡᠪᠲᠡᠷᠡᠭᠰᠡᠨ ᠵᠠᠰᠠᠭ ᠵᠠᠬᠢᠷᠭᠠᠨ ᠤ ᠲᠣᠰᠬᠤᠨ 35 ᠰᠢᠨ᠎ᠡ ᠪᠠᠷ ᠨᠡᠮᠡᠭᠳᠡᠵᠦ᠂ ᠪᠦᠬᠦ ᠰᠢᠶᠠᠨ ᠤ ᠵᠠᠰᠠᠮᠠᠯ ᠵᠠᠮ ᠤᠨ ᠶᠡᠷᠦᠩᠬᠡᠶ ᠤᠷᠲᠤ 1014 ᠺᠢᠯᠣᠮᠧᠲᠷ ᠪᠠᠶᠢᠵᠤ᠂ ᠵᠠᠮ ᠤᠨ ᠲᠣᠤᠷ ᠤᠨ ᠨᠢᠭᠲᠠᠴᠠ 72 ᠺᠢᠯᠣᠮᠧᠲᠷ / ᠵᠠᠭᠤᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ︽ᠵᠠᠮ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠰᠢᠶᠠᠨ ᠤ 120 ᠵᠠᠰᠠᠭ ᠵᠠᠬᠢᠷᠭᠠᠨ ᠤ ᠲᠣᠰᠬᠤᠨ ᠳᠤ ᠪᠠᠷᠤᠭᠰᠢᠨ ᠱᠦᠶ᠋ᠨᠢ ᠵᠠᠮ ᠨᠡᠪᠲᠡᠷᠡᠭᠦᠯᠵᠦ᠂ ᠰᠠᠭᠠᠳ ᠦᠭᠡᠶ ᠨᠡᠪᠲᠡᠷᠡᠬᠦ ᠨᠣᠷᠮ᠎ᠠ ᠶᠢ 100% ᠳᠤ ᠬᠦᠷᠭᠡᠵᠡᠶ᠃ ᠪᠦᠬᠦ ᠰᠢᠶᠠᠨ ᠤ ᠵᠠᠰᠠᠭ ᠵᠠᠬᠢᠷᠭᠠᠨ ᠤ ᠲᠣᠰᠬᠤᠨ ᠳᠤ ᠴᠥᠮ ᠬᠠᠲᠠᠭᠤᠷᠠᠭᠰᠠᠨ ᠵᠠᠮ ᠨᠡᠪᠲᠡᠷᠡᠵᠦ᠂ ᠬᠤᠲᠠ ᠬᠥᠳᠡᠭᠡ ᠶᠢᠨ ᠵᠠᠮ ᠲᠡᠭᠡᠭᠡᠪᠦᠷᠢ ᠶᠢᠨ ᠨᠥᠬᠦᠴᠡᠯ ᠶᠡᠭᠡ ᠪᠠᠷ ᠰᠠᠶᠢᠵᠢᠷᠠᠵᠤ᠂ ᠶᠠᠳᠠᠭᠤ ᠠᠴᠠ ᠠᠩᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠠ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠪᠠ᠃      ᠬᠢᠨᠠᠨ ᠵᠢᠯᠣᠭᠤᠳᠴᠤ ᠬᠢᠨᠠᠨ ᠰᠢᠯᠭᠠᠬᠤ ᠳᠤᠭᠤᠶᠢᠯᠠᠩ ᠠᠴᠠ ᠮᠠᠨ ᠤ ᠰᠢᠶᠠᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠵᠢᠴᠢ ᠵᠠᠮ ᠬᠠᠷᠢᠯᠴᠠᠭᠠᠨ ᠤ ᠶᠠᠳᠠᠭᠤ ᠶᠢ ᠲᠡᠳᠬᠦᠬᠦ ᠠᠵᠢᠯ ᠤᠨ ᠣᠯᠤᠭᠰᠠᠨ ᠠᠮᠵᠢᠯᠳᠠ ᠪᠦᠲᠦᠮᠵᠢ ᠶᠢ ᠨᠤᠲᠠᠯᠠᠵᠤ᠂ ᠮᠠᠨ ᠤ ᠰᠢᠶᠠᠨ ᠤ ᠬᠤᠶᠢᠰᠢᠳᠠ ᠶᠢᠨ ᠠᠵᠢᠯ ᠤᠨ ᠳᠤᠮᠳᠠ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠪᠦᠲᠦᠭᠡᠨ ᠪᠠᠶᠢᠭᠤᠯᠤᠯᠳᠠ ᠶᠢᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠵᠣᠬᠢᠴᠠᠩᠭᠤᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠰᠤᠪᠢᠯᠠᠯᠲᠠ᠂ ᠲᠡᠭᠡᠭᠡᠪᠦᠷᠢ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃      ᠳᠠᠷᠠᠭ᠎ᠠ ᠠᠯᠬᠤᠮ ᠳᠤ᠂ ᠮᠠᠨ ᠤ ᠰᠢᠶᠠᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠬᠠᠷᠠᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠥᠨᠳᠥᠷ ᠪᠠᠷᠢᠮᠵᠢᠶ᠎ᠠ ᠥᠨᠳᠥᠷ ᠱᠠᠭᠠᠷᠳᠠᠯᠭ᠎ᠠ ᠲᠠᠢ ᠬᠥᠳᠡᠭᠡ ᠲᠣᠰᠬᠤᠨ ᠤ ᠵᠠᠰᠠᠮᠠᠯ ᠵᠠᠮ ᠢ ᠪᠦᠬᠦ ᠲᠠᠯ᠎ᠠ ᠪᠠᠷ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠠᠵᠢᠯ ᠢ ᠪᠡᠶᠡᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠳᠦᠮᠵᠢᠳᠡᠢ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢᠨ ᠵᠠᠷᠴᠢᠮ ᠢ ᠪᠠᠷᠢᠮᠳᠠᠯᠠᠵᠦ᠂ ᠠᠶᠠᠨᠴᠢᠳ ᠲᠡᠭᠡᠭᠡᠪᠦᠷᠢ ᠶᠢᠨ ᠵᠠᠮ ᠤᠨ ᠲᠣᠤᠷ ᠤᠨ ᠪᠦᠲᠦᠮᠵᠢᠲᠡᠶ ᠵᠣᠯᠭᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1