ᠲᠤᠭᠳᠠᠬᠤ ᠰᠢᠶᠠᠨ ᠤ ᠳᠥᠷᠪᠡᠳᠦᠭᠡᠷ ᠤᠯᠠᠷᠢᠯ ᠤᠨ ᠭᠤᠤᠯ ᠮᠥᠷᠡᠨ ᠤ ᠳᠠᠷᠤᠭ᠎ᠠ ᠶᠢᠨ ᠳᠦᠷᠢᠮᠲᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/30
      11 ᠰᠠᠷ᠎ᠠ ᠶᠢᠨ 25 ᠤ ᠡᠳᠦᠷ᠂ ᠲᠤᠭᠳᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠲᠤᠭᠳᠠᠬᠤ ᠰᠢᠶᠠᠨ ᠤ ᠳᠥᠷᠪᠡᠳᠦᠭᠡᠷ ᠤᠯᠠᠷᠢᠯ ᠤᠨ ᠭᠤᠤᠯ ᠮᠥᠷᠡᠨ ᠤ ᠳᠠᠷᠤᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ  ᠡᠷᠬᠢᠯᠡᠨ‌ᠬᠤᠷᠠᠯᠳᠤᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ ᠲᠤᠭᠤᠶᠢᠯᠠᠩ  ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠭᠳᠠᠬᠤ ᠰᠢᠶᠠᠨ ᠤ ᠭᠤᠤᠯ ᠮᠥᠷᠡᠨ ᠤ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠠᠶ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠡᠭᠦᠷᠭᠡ ᠶᠢ  ᠨᠠᠶᠢᠳᠠᠪᠦᠷᠢᠵᠢᠭᠤᠯᠬᠤ ᠶᠢ ᠪᠦᠬᠦ ᠬᠦᠴᠦᠨ ᠢᠶᠠᠷ  ᠠᠬᠢᠭᠤᠯᠪᠠ᠃      ᠬᠤᠷᠠᠯ ᠠᠴᠠ᠄ ᠲᠤᠭᠳᠠᠬᠤ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠠᠮᠢᠶ᠎ᠠ ᠪᠦᠬᠦᠢ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠤᠨ 2020 ᠣᠨ ᠤ ᠭᠤᠤᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠥᠷᠨᠢᠭᠦᠯᠦᠭᠰᠡᠨ  ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠳᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭᠳᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ 2020 ᠣᠨ ᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠠᠵᠢᠯ ᠤᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ ᠪᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠠᠬᠢᠭᠤᠯᠵᠦ᠂ ᠤᠯᠤᠰ ᠲᠥᠷᠥ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠢᠭᠡ ᠬᠥᠯᠭᠡ ᠰᠢᠲᠠᠷ᠎ᠠ ᠮᠡᠲᠦ ᠪᠠᠶᠢᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠶᠡᠭᠡ ᠬᠠᠮᠠᠭᠠᠯᠠᠯᠲᠠ ᠶᠢ ᠬᠠᠮᠲᠤᠪᠠᠷ ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ᠂ ᠠᠮᠢ ᠠᠬᠤᠢ ᠶᠢ ᠤᠷᠢᠳᠡ ᠪᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠣᠯᠭᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠨ᠎ᠠ ᠭᠡᠵᠦ ᠴᠦᠬᠤᠯᠠᠴᠢᠯᠠᠪᠠ᠃      ᠲᠤᠭᠳᠠᠬᠤ ᠰᠢᠶᠠᠨ ᠤ ᠤᠳᠤᠷᠢᠳᠤᠯᠭ᠎ᠠ ᠯᠢᠦ ᠵᠢᠶ ᠶᠢᠩ᠂ ᠲᠢᠶᠠᠨ ᠸᠧᠨ ᠭᠧ᠂ ᠸᠧᠶ ᠰᠢᠶᠣᠤ ᠳ᠋ᠦᠩ᠂ ᠱᠢ ᠯᠢ ᠵᠢᠶᠦ᠋ᠨ᠂ ᠷᠧᠨ ᠷᠦᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠥᠬᠦᠶ ᠰᠠᠯᠠᠭ᠎ᠠ  ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1