ᠲᠤᠭᠳᠠᠬᠤ ᠰᠢᠶᠠᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠧᠯᠸᠢᠰ ᠳ᠋ᠢᠶᠠᠩᠬᠤᠸᠠ ᠬᠤᠷᠠᠯ ᠢ ᠵᠣᠬᠢᠶᠠᠨ ᠪᠠᠶᠢᠭᠤᠯᠵᠤ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2020/11/30
      11 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠢᠳᠠᠯ ᠪᠠ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠢ ᠨᠡᠪᠲᠡᠷᠡᠭᠦᠯᠪᠡ᠃ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠵᠠᠶ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ  ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠲᠠᠨᠢᠯᠲᠠ ᠪᠠᠨ ᠭᠦᠨᠵᠡᠭᠡᠶᠢᠷᠡᠭᠦᠯᠵᠦ᠂  ᠮᠢᠨᠴᠦᠷᠡᠯ ᠠᠴᠠ ᠬᠠᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠎ᠠ᠃ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠯᠵᠢᠭᠦᠯᠦᠨ ᠰᠢᠯᠵᠢᠭᠦᠯᠬᠦ᠂ ᠲᠤᠰᠠᠭᠠᠷᠯᠠᠬᠤ᠂ ᠠᠪᠤᠷᠠᠨ ᠵᠠᠰᠠᠬᠤ᠂ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠡᠪᠡᠳᠴᠢᠨ ᠡᠮᠭᠡᠭ ᠢ ᠬᠢᠵᠠᠭᠠᠷᠯᠠᠬᠤ ᠬᠦᠴᠦᠨ ᠪᠣᠯᠤᠨ ᠴᠢᠬᠤᠯᠠ ᠪᠦᠬᠦᠢ ᠡᠳ᠋ ᠪᠤᠳᠠᠰ ᠤᠨ ᠲᠤᠰᠠᠯᠠᠮᠵᠢ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠨ᠎ᠡ᠃ ︽ᠬᠥᠮᠦᠨ᠂ ᠪᠣᠳᠠᠰ︾ ᠢ ᠵᠡᠷᠭᠡᠪᠡᠷ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠤᠤᠯᠳᠠᠯᠭ᠎ᠠ ᠲᠠᠢ ᠲᠠᠯᠠᠪᠤᠷ᠂ ᠬᠥᠮᠦᠰ ᠢ ᠬᠢᠨᠠᠨ ᠬᠡᠮᠵᠢᠵᠦ ᠪᠠᠶᠢᠴᠠᠭᠠᠬᠤ ᠶᠢ ᠤᠯᠠᠮ ᠴᠢᠩᠭᠠᠳᠬᠠᠵᠦ᠂ ᠭᠠᠳᠠᠭᠠᠳᠤ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠪᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠭᠡᠪᠡ᠃      ᠬᠤᠷᠠᠯ ᠠᠴᠠ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠢᠳᠠᠪᠤᠷᠢᠵᠢᠭᠤᠯᠬᠤ᠂ ᠵᠢᠯᠣᠭᠤᠳᠤᠨ ᠲᠣᠬᠢᠷᠠᠭᠤᠯᠬᠤ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠨ ᠴᠢᠩᠭᠠᠳᠬᠠᠵᠤ᠂ ᠮᠡᠳᠡᠭᠡ ᠵᠠᠩᠭᠢ ᠨᠡᠶᠢᠲᠡᠯᠡᠵᠦ ᠨᠡᠪᠲᠡᠷᠡᠭᠦᠯᠬᠦ ᠶᠢ ᠰᠠᠶᠢᠲᠤᠷ ᠬᠢᠵᠦ᠂ ᠰᠢᠮᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠳᠡᠢ ᠭᠡᠵᠦ ᠱᠠᠭᠠᠷᠳᠠᠪᠠ᠃      ᠰᠢᠶᠠᠨ ᠤ ᠤᠳᠤᠷᠢᠳᠤᠯᠭ᠎ᠠ ᠲᠢᠶᠠᠨ ᠯᠢ ᠵᠢᠶᠦ᠋ᠨ᠂ ᠷᠧᠨ ᠷᠦᠢ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠭᠲᠠᠬᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1