ᠰᠢᠶᠠᠨ ᠤ ᠬᠤᠷᠢᠶ᠎ᠠ ᠶᠢᠨ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠬᠤᠷᠠᠯ ᠡᠷᠭᠢᠯᠡᠨ ᠬᠤᠷᠠᠯᠳᠤᠭᠤᠯᠵᠤ᠂ ᠲᠠᠷᠢᠶᠠᠨ ᠭᠠᠵᠠᠷ ᠢ ᠬᠠᠮᠠᠭᠠᠯᠠᠵᠤ ᠰᠢᠪᠠᠳᠠᠨ ᠪᠠᠶᠢᠴᠠᠭᠠᠬᠤ᠂ ᠭᠠᠵᠠᠷ ᠰᠢᠷᠣᠶ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠵᠤᠷᠰᠢᠯᠲᠤ ᠰᠢᠪᠠᠳᠠᠨ ᠪᠠᠶᠢᠴᠠᠭᠠᠯᠲᠠ ᠪᠠ ᠬᠠᠲᠤᠨ ᠭᠤᠤᠯ ᠤᠨ ᠰᠠᠪᠠ ᠭᠠᠵᠠᠷ ᠤᠨ ᠵᠣᠬᠢᠶᠠᠮᠠᠯ ᠨᠠᠭᠤᠷ ᠢ ᠶᠡᠷᠦᠩᠬᠡᠶᠢᠯᠡᠨ ᠴᠡᠪᠡᠷᠯᠡᠵᠦ ᠴᠡᠭᠴᠡᠯᠡᠨ ᠵᠠᠰᠠᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2020/12/11
      12 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠢ ᠶᠢᠩ ᠬᠤᠷᠠᠯ ᠡᠷᠬᠢᠯᠡᠨ ᠬᠤᠷᠠᠯᠳᠤᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ᠂ ᠭᠠᠵᠠᠷ  ᠰᠢᠷᠤᠢ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠵᠤᠷᠰᠢᠯᠲᠤ ᠰᠢᠪᠠᠳᠠᠨ ᠪᠠᠶᠢᠴᠠᠭᠠᠯᠲᠠ ᠪᠠ ᠬᠠᠳᠤᠨ ᠭᠤᠣᠯ ᠤᠨ ᠰᠠᠪᠠ ᠭᠠᠵᠠᠷ ᠤᠨ ᠵᠣᠬᠢᠶᠠᠮᠠᠯ ᠨᠠᠭᠤᠷ ᠴᠥᠭᠦᠷᠥᠮ ᠢ ᠶᠡᠷᠦᠩᠬᠡᠶᠢᠯᠡᠨ ᠴᠡᠪᠡᠷᠯᠡᠵᠦ ᠴᠡᠭᠴᠡᠯᠡᠨ ᠵᠠᠰᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠪᠠ᠃ ᠰᠢᠶᠠᠨ ᠤ ᠤᠳᠤᠷᠢᠳᠤᠯᠭ᠎ᠠ ᠫᠠᠩ ᠯᠢ᠂ ᠯᠢᠦ ᡁᠢ ᠴᠢᠶᠠᠩ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ ᠶᠢᠨ ᠵᠦᠪᠯᠡᠯ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ  ᠤᠷᠤᠯᠴᠠᠪᠠ᠃      ᠬᠤᠷᠠᠯ ᠠᠴᠠ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ 2019 ᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ᠂ 2019 ᠣᠨ ᠤ ᠭᠠᠵᠠᠷ ᠰᠢᠷᠣᠢ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ 2020 ᠣᠨ ᠤ ᠭᠠᠵᠠᠷ ᠰᠢᠷᠣᠢ ᠶᠢᠨ ᠵᠤᠷᠰᠢᠮᠠᠯ ᠱᠠᠯᠠᠪᠳᠠᠭᠤᠯᠤᠨ ᠪᠠᠶᠢᠴᠠᠭᠠᠯᠳᠠ ᠶᠢᠨ ᠪᠠᠶᠢᠳᠠᠯ ᠢ ᠵᠠᠷᠯᠠᠨ ᠮᠡᠳᠡᠭᠳᠡᠪᠡ᠃ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠠᠴᠠ ᠲᠣᠰ ᠭᠠᠵᠠᠷ ᠣᠷᠣᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ︔ ᠬᠠᠲᠤᠨ ᠭᠤᠤᠯ ᠤᠨ ᠰᠠᠪᠠ ᠭᠠᠵᠠᠷ ᠤᠨ ᠵᠣᠬᠢᠶᠠᠮᠠᠯ ᠨᠠᠭᠤᠷ ᠢ ᠶᠡᠷᠦᠩᠬᠡᠶᠢᠯᠡᠨ ᠴᠡᠪᠡᠷᠯᠡᠵᠦ ᠴᠡᠭᠴᠡᠯᠡᠨ ᠵᠠᠰᠠᠬᠤ ᠬᠠᠮᠲᠤᠷᠠᠭᠰᠠᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠶ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠷᠢᠭᠤ ᠮᠡᠳᠡᠭᠦᠯᠦᠯᠳᠡ ᠶᠢ ᠰᠣᠨᠣᠰᠪᠠ᠃ ᠬᠤᠷᠠᠯ ᠠᠴᠠ ᠬᠤᠲᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ ᠡᠭᠦᠷᠭᠡ ᠪᠠᠨ ᠲᠤᠳᠤᠷᠬᠠᠶᠢᠯᠠᠬᠤ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠬᠦ᠂ ᠲᠥᠷᠥᠯ ᠬᠤᠪᠢᠶᠠᠨ ᠰᠢᠢᠳᠪᠦᠷᠢᠯᠡᠬᠦ ᠶᠢ ᠪᠠᠷᠢᠮᠳᠠᠯᠠᠵᠦ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠨᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠰᠤᠳᠤᠯᠤᠨ ᠠᠬᠢᠭᠤᠯᠵᠤ᠂ ᠰᠢᠶᠠᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠶ᠃ ᠬᠠᠷᠢᠯᠴᠢᠨ ᠬᠠᠮᠵᠢᠯᠴᠠᠬᠤ ᠪᠠᠨ ᠴᠢᠩᠭᠠᠳᠬᠠᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠵᠤ᠂ ᠴᠡᠭᠴᠡᠯᠡᠨ  ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1