12 ᠰᠠᠷ᠎ᠠ ᠶᠢᠨ 8 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ | ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ 14 ᠳ᠋ᠤᠭᠡᠷ | ᠤᠳᠠᠭ᠎ᠠ᠂ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠲᠥᠪ ᠤᠨ ᠤᠬᠠᠭᠤᠯᠭ᠎ᠠ ᠶᠢᠨ ᠬᠡᠯᠲᠡᠰ ᠤᠨ ︽ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ | ᠰᠤᠷᠤᠯᠴᠠᠯᠭ᠎ᠠ ᠶᠢᠨ ᠯᠠᠪᠯᠠᠯᠲᠠ︾ ᠭᠡᠬᠦ ᠳᠥᠷᠪᠡᠳᠦᠭᠡᠷ ᠬᠤᠭᠤᠴᠠᠭᠠᠨ ᠤ ᠰᠡᠳᠬᠦᠯ ᠢ ᠤᠯᠠᠮᠵᠢᠯᠠᠨ ᠰᠤᠷᠤᠯᠴᠠᠵᠤ ︽ | ᠣᠳᠣᠬᠠᠨ ᠤ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠲᠠᠨᠢᠵᠤ ᠡᠨᠡ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ︾ ᠭᠡᠰᠡᠨ ᠵᠣᠬᠢᠶᠠᠯ ᠨᠡᠶᠢᠲᠡᠯᠡᠪᠡ︔ ᠰᠢ ᠶᠢᠨ | ᠫᠢᠩ ᠤᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ ᠥᠭᠦᠯᠡᠯᠲᠡ ᠶᠢ | ᠰᠤᠷᠤᠯᠴᠠᠵᠠᠢ᠃ | ᠬᠤᠷᠠᠯ ᠠᠴᠠ᠂ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠲᠠᠨᠢᠵᠤ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ᠂ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠱᠠᠳᠤᠨ ᠳᠤ | ᠤᠷᠤᠭᠰᠠᠨ ᠴᠢᠬᠤᠯᠠ ᠶᠡᠭᠡ ᠮᠠᠭᠠᠳᠯᠠᠯᠲᠠ ᠪᠣᠯᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠰᠣᠩᠭᠤᠯᠲᠠ ᠶᠢ ᠣᠨᠣᠪᠴᠢᠲᠠᠶ ᠡᠵᠡᠮᠰᠢᠨ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠦ᠂ ᠬᠢᠵᠢᠭ ᠢ ᠰᠡᠷᠭᠡᠶᠢᠯᠡᠨ | ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠡᠩ ᠰᠠᠶᠢᠲᠤᠷ ᠨᠢᠭᠡᠳᠦᠯᠲᠡᠶ | ᠲᠥᠯᠥᠪᠯᠡᠵᠦ᠂ ᠵᠢᠯ ᠤᠨ ᠡᠴᠦᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ | ᠪᠦᠬᠦ ᠬᠦᠴᠦᠨ ᠢᠶᠠᠷ ᠰᠠᠶᠢᠲᠤᠷ ᠠᠳᠬᠤᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠦ᠂ ᠰᠢᠨᠵᠢᠯᠡᠬᠦ ᠤᠬᠠᠭᠠᠨᠴᠢ ᠪᠠᠷ ᠢᠷᠡᠬᠦ ᠵᠢᠯ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ | ᠲᠦᠯᠦᠪᠯᠡᠵᠦ᠂ ᠬᠢᠮᠤᠷᠠᠯ ᠤᠨ ᠳᠤᠮᠳᠠ ᠰᠢᠨ᠎ᠡ ᠶᠢ ᠪᠤᠶᠢᠵᠢᠭᠤᠯᠬᠤ ᠲᠣᠬᠢᠶᠠᠯ ᠬᠤᠪᠢᠰᠤᠯᠲᠠ ᠶᠢᠨ ᠳᠤᠮᠳᠠ ᠰᠢᠨ᠎ᠡ | ᠪᠠᠶᠢᠳᠠᠯ ᠢ ᠨᠡᠭᠡᠭᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠤ ᠰᠠᠶᠢᠨ | ᠡᠬᠢᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠭᠦᠭᠰᠡᠨ ᠪᠠᠶᠢᠨ᠎ᠠ᠃ | ᠬᠤᠷᠠᠯ ᠠᠴᠠ᠂ ᠲᠥᠪᠯᠡᠷᠡᠭᠦᠯᠦᠨ ᠰᠤᠷᠤᠯᠴᠠᠬᠤ᠂ ᠥᠪᠡᠰᠦᠪᠡᠨ ᠰᠤᠷᠤᠯᠴᠠᠬᠤ᠂ ᠬᠠᠪᠰᠤᠷᠤᠨ ᠵᠢᠯᠣᠭᠤᠳᠬᠤ | ᠪᠠ ᠰᠤᠷᠤᠯᠴᠠᠯᠭ᠎ᠠ ᠪᠠᠷ ᠲᠠᠮᠵᠢᠭᠤᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠢᠨ᠎ᠡ ᠬᠥᠭᠵᠢᠯᠲᠡ ᠶᠢᠨ ᠪᠠᠶᠢᠳᠠᠯ᠂ | ᠰᠢᠨ᠎ᠡ ᠬᠥᠭᠵᠢᠯᠲᠡ ᠶᠢᠨ ᠱᠠᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ᠂ ᠰᠢᠨ᠎ᠡ ᠬᠥᠭᠵᠢᠯᠲᠡ ᠶᠢᠨ ᠬᠠᠷᠠᠯᠲᠠ᠂ | ᠰᠢᠨ᠎ᠡ ᠬᠥᠭᠵᠢᠯᠲᠡ ᠶᠢᠨ ᠡᠭᠦᠷᠭᠡ ᠶᠢ ᠰᠡᠳᠬᠢᠯ ᠲᠠᠯᠪᠢᠨ | ᠤᠶᠢᠯᠠᠭᠠᠬᠤ ᠬᠡᠷᠡᠭᠲᠡᠶ᠃ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠪᠦᠬᠦ ᠲᠠᠯ᠎ᠠ ᠪᠠᠷ ᠬᠠᠷᠢᠴᠠᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠤᠬᠢᠶᠠᠬᠤ | ᠬᠡᠷᠡᠭᠳᠡᠢ ᠭᠡᠵᠦ ᠱᠠᠭᠠᠷᠳᠠᠪᠠ᠃ | ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠳᠠ ᠶᠢᠨ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠦᠯᠦᠨ ᠪᠤᠢ ᠪᠣᠯᠤᠭᠰᠠᠨ | ᠴᠢᠬᠤᠯᠠ ᠶᠡᠭᠡ ᠤᠨᠤᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠮᠥᠨ᠂ ᠮᠠᠷᠺᠰ ᠤᠨ ᠦᠵᠡᠯ ᠤᠨ | ᠬᠠᠤᠯᠢᠵᠢᠯ ᠤᠨ ᠤᠨᠤᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ | ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠠᠳᠠᠯᠢᠬᠠᠨ ᠢᠶᠠᠷ ᠨᠢᠭᠡ ᠵᠦᠢᠯ ᠤᠨ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ | ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠦᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠠᠢ ᠤᠶᠠᠯᠳᠤᠭᠤᠯᠤᠨ᠂ ᠤᠠᠬᠤᠭᠤᠯᠭᠠ ᠲᠠᠶᠢᠯᠪᠤᠷᠢᠯᠠᠯᠲᠠ ᠶᠢ ᠨᠢᠭᠡ ᠴᠣᠭᠴᠠᠵᠢᠭᠤᠯᠤᠨ | ᠠᠬᠢᠭᠤᠯᠵᠤ᠂ ᠦᠨᠳᠦᠰᠦᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠭᠤᠤᠯ ᠠᠭᠤᠯᠭ᠎ᠠ ᠶᠢ ᠡᠵᠡᠮᠳᠡᠨ᠂ | ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ | ᠠᠭᠤᠰᠤᠯᠴᠠᠭᠤᠯᠤᠨ ᠨᠡᠪᠲᠡᠷᠡᠯᠴᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠵᠢᠠᠭᠠᠨ ᠭᠠᠷᠭᠠᠪᠠ᠃ | ᠶᠦᠨ ᠷᠦᠢ ᠵᠢᠶᠦ᠋ᠨ᠂ ᠲᠢᠶᠠᠨ ᠸᠧᠨ ᠭᠧ ᠵᠡᠷᠭᠡ ᠰᠢᠶᠠᠨ ᠤ ᠨᠠᠮ ᠤᠨ ᠬᠤᠷᠢᠶᠠᠨ ᠤ ᠭᠤᠣᠯ | ᠳᠤᠭᠤᠶᠢᠯᠠᠩ ᠤᠨ ᠪᠦᠷᠢᠯᠳᠦᠭᠦᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ |