ᠬᠤᠲᠠ ᠶᠢᠨ ᠤᠳᠤᠷᠢᠳᠤᠯᠭ᠎ᠠ ᠲᠣᠭᠲᠠᠬᠤ ᠰᠢᠶᠠᠨ ᠳᠤ ᠢᠷᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020/12/29
      12 ᠳ᠋ᠤᠭᠠᠷ ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠠᠩᠪᠦ᠋ᠬᠡ ᠲᠣᠭᠲᠠᠬᠤ ᠰᠢᠶᠠᠨ ᠤ ᠦᠱᠸᠡᠨ ᠪᠠᠯᠭᠠᠰᠤᠨ ᠤ ᠪᠦᠯᠬᠦᠮᠳᠡᠯ ᠲᠣᠰᠬᠤᠨ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠬᠠᠢ ᠱᠧᠩ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠭᠠᠩᠪᠦ᠋ᠬᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠪᠣᠯᠤᠭᠰᠠᠨ ᠴᠢᠬᠤᠯᠠ ᠶᠡᠭᠡ ᠠᠴᠢ ᠬᠤᠯᠪᠣᠭᠳᠠᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠳᠦ ᠢᠯᠠᠯᠲᠠ ᠶᠢ ᠣᠯᠵᠤ ᠰᠢᠢᠳᠪᠦᠷᠢᠳᠦ ᠴᠢᠨᠠᠷᠲᠠᠶ ᠠᠮᠵᠢᠯᠲᠠ ᠪᠦᠲᠦᠮᠵᠢ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠪᠠᠶᠢᠯᠳᠤᠬᠤ ᠪᠤᠳᠤᠯᠭ᠎ᠠ ᠶᠢᠨ ᠪᠣᠳᠣᠯᠬᠢᠯᠠᠯ᠂ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠯᠤᠰ ᠤᠨ ᠬᠠᠷᠠᠯᠲᠠ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠭᠯᠡᠯᠲᠡ ᠵᠠᠷᠴᠢᠮ᠂ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠪᠥᠬᠦᠳᠡ ᠬᠤᠷᠠᠯ ᠠᠴᠠ ᠳᠤᠷᠠᠳᠤᠭᠰᠠᠨ ᠠᠯᠢ ᠤᠯᠠᠨ ᠰᠢᠨ᠎ᠡ ᠴᠢᠬᠤᠯᠠ ᠦᠵᠡᠯ ᠰᠠᠨᠠᠭ᠎ᠠ᠂ ᠴᠢᠬᠤᠯᠠ ᠨᠤᠲᠠᠯᠠᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠵᠢᠴᠢ ᠠᠤᠭ᠎ᠠ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠂ ᠥᠪᠡᠷ ᠤᠨ ᠰᠤᠷᠤᠯᠴᠠᠭᠰᠠᠨ ᠲᠥᠷᠥᠭᠳᠡᠯ ᠪᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠬᠤ᠂ ᠪᠦᠬᠦ ᠲᠠᠯ᠎ᠠ ᠪᠠᠷ ᠤᠬᠠᠭᠤᠯᠤᠨ ᠲᠠᠶᠢᠯᠪᠦᠷᠢᠯᠡᠪᠡ᠃      ᠭᠠᠩᠪᠦ᠋ᠬᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠳᠤᠮᠳᠠᠳᠤ ᠶᠢᠨ ᠦᠨᠳᠦᠰᠦᠲᠡᠨ ᠤ ᠠᠬᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯ ᠤᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠪᠥᠬᠦ ᠲᠠᠯ᠎ᠠ ᠶᠢᠨ ᠴᠢᠨᠠᠷᠲᠠᠶ᠂ ᠲᠡᠦᠬᠡᠲᠦ ᠴᠢᠨᠠᠷᠲᠠᠶ ᠬᠤᠷᠠᠯ ᠪᠣᠯᠤᠨ᠎ᠠ᠃ ᠲᠤᠭᠳᠠᠬᠤ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠶ ᠠᠳᠬᠤᠵᠤ᠂ ᠤᠯᠤᠰ ᠲᠥᠷᠥ ᠶᠢᠨ ᠵᠣᠭᠰᠣᠴᠠ ᠪᠠᠨ ᠴᠢᠷᠮᠠᠶᠢᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠦᠨᠡᠨ ᠬᠦ ᠪᠠᠬᠢᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠰᠢᠨ᠎ᠡ ᠴᠠᠭ ᠦᠶ᠎ᠡ ᠳᠤ ᠤᠷᠤᠭᠰᠠᠨ ᠮᠠᠯᠵᠢᠬᠤ ᠲᠠᠷᠢᠶᠠᠯᠠᠬᠤ ᠣᠷᠣᠨ ᠪᠣᠯ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠡᠬᠢᠯᠡᠭᠦᠯᠬᠦ ᠴᠢᠬᠤᠯᠠ ᠲᠡᠶᠢᠨ ᠤ ᠲᠠᠯᠠᠪᠤᠷ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠨᠢ ᠪᠠᠶᠢᠷᠢᠰᠢᠭᠤᠯᠤᠯᠲᠠ ᠶᠢᠨ ᠰᠤᠳᠤᠯᠭᠠᠨ ᠤ ᠱᠠᠲᠤᠨ ᠠᠴᠠ ᠬᠡᠷᠡᠭᠵᠢᠭᠦᠯᠬᠦ ᠱᠠᠲᠤᠨ ᠳᠤ ᠣᠷᠣᠵᠤ᠂ ᠲᠤᠭᠳᠠᠬᠤ ᠰᠢᠶᠠᠨ ᠨᠢ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠪᠥᠬᠦ ᠰᠢᠶᠠᠨ ᠤ ᠠᠵᠤ ᠠᠬᠤᠶ ᠶᠢᠨ ᠬᠥᠭᠵᠢᠯᠲᠡ ᠶᠢᠨ ᠶᠡᠭᠡ ᠲᠠᠯ᠎ᠠ ᠳᠤ ᠰᠠᠶᠢᠲᠤᠷ ᠦᠢᠯᠡᠴᠢᠯᠡᠬᠦ ᠬᠡᠷᠡᠭᠲᠡᠶ ᠭᠡᠵᠦ ᠵᠢᠭᠠᠨ ᠭᠠᠷᠭᠠᠪᠠ᠃      ᠭᠠᠩᠪᠦ᠋ᠬᠡ᠂ ᠰᠢᠶᠠᠩ ᠪᠠᠯᠭᠠᠰᠤ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠪᠣᠯᠤᠭᠰᠠᠨ ᠤ ᠬᠤᠪᠢ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠭᠤᠤᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠢ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠶᠡᠭᠡ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂ ᠰᠡᠳᠬᠢᠯ ᠵᠢᠷᠦᠬᠡ ᠪᠠᠨ ᠬᠤᠯᠪᠣᠬᠤ ᠴᠢᠰᠤ ᠮᠢᠬᠠᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1