ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠨ᠎ᠡ ᠪᠠᠷ ᠪᠠᠶᠢᠭᠤᠯᠤᠭᠰᠠᠨ ᠰᠢᠶᠠᠨ ᠤ ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠠᠭᠤᠰᠴᠤ᠂ ᠲᠣᠨᠤᠭ ᠲᠥᠬᠦᠭᠡᠷᠦᠮᠵᠢ ᠤᠭᠰᠠᠷᠠᠨ ᠲᠤᠷᠰᠢᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/12/29
      12 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠨ᠎ᠡ ᠪᠠᠷ ᠪᠠᠶᠢᠭᠤᠯᠤᠭᠰᠠᠨ ᠰᠢᠶᠠᠨ ᠤ ᠡᠮᠨᠡᠯᠭᠡ ᠶᠢᠨ ᠬᠤᠷᠢᠶ᠎ᠠ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠳᠡᠳ᠋ ᠳᠠᠷᠤᠭ᠎ᠠ ᠯᠦ ᠢᠦᠶ ᠵᠥᠩ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠰ ᠲᠣᠰ ᠡᠭᠦᠳᠡᠨ ᠡᠮᠨᠡᠯᠭᠡ ᠶᠢᠨ ᠠᠰᠠᠷ᠂ ᠡᠮᠨᠡᠯᠭᠡ ᠳᠤ ᠰᠠᠭᠤᠬᠤ ᠠᠰᠠᠷ ᠵᠢᠴᠢ ᠭᠤᠤᠯ ᠴᠢᠳᠠᠮᠵᠢ ᠶᠢᠨ ᠲᠠᠰᠤᠭ ᠲᠤ ᠬᠦᠷᠴᠦ᠂ ᠪᠠᠷᠢᠯᠭ᠎ᠠ ᠶᠢᠨ ᠠᠵᠢᠯ ᠳᠠᠭᠤᠰᠤᠭᠰᠠᠨ᠂ ᠲᠣᠨᠤᠭ ᠲᠥᠬᠦᠭᠡᠷᠦᠮᠵᠢ ᠤᠭᠰᠠᠷᠠᠨ ᠲᠤᠷᠰᠢᠬᠤ᠂ ᠠᠷᠢᠭᠤᠨ ᠴᠡᠪᠡᠷ ᠢ ᠬᠠᠮᠠᠭᠠᠯᠠᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠡᠮᠨᠡᠯᠭᠡ ᠶᠢᠨ ᠬᠤᠷᠢᠶ᠎ᠠ ᠶᠢᠨ ᠨᠡᠭᠦᠬᠦ ᠡᠯ᠎ᠡ ᠵᠦᠢᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠰᠢᠨ᠎ᠡ ᠡᠮᠨᠡᠯᠭᠡ ᠶᠢᠨ ᠬᠤᠷᠢᠶᠠᠨ ᠤ ᠲᠦᠷᠦᠯ ᠵᠦᠢᠯ ᠤᠨ ᠪᠠᠷᠢᠯᠭ᠎ᠠ ᠳᠠᠭᠤᠰᠤᠮᠠᠷ ᠪᠠᠶᠢᠨ᠎ᠠ᠂ ᠪᠠᠷᠢᠯᠭ᠎ᠠ ᠵᠢᠨ‌ᠨᠢᠭᠡᠴᠡ᠂ ᠰᠢᠶᠠᠨ ᠤ ᠡᠮᠨᠡᠯᠭᠡ ᠶᠢᠨ ᠬᠤᠷᠢᠶ᠎ᠠ ᠠᠮᠤᠷ ᠲᠦᠪᠰᠢᠨ ᠤ ᠬᠠᠮᠢᠶᠠᠷᠤᠯᠲᠠ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ ᠣᠷᠣᠨ ᠪᠦᠰᠡ ᠶᠢᠨ ᠪᠠᠷᠢᠯᠭ᠎ᠠ ᠶᠢᠨ ᠠᠵᠢᠯ ᠳᠠᠭᠤᠰᠬᠤ᠂ ᠲᠤᠨᠤᠭ ᠲᠥᠬᠦᠭᠡᠷᠦᠮᠵᠢ ᠶᠢ ᠲᠤᠷᠰᠢᠨ ᠤᠭᠰᠠᠷᠠᠬᠤ᠂ ᠴᠡᠪᠡᠷᠯᠡᠨ ᠲᠢᠭᠯᠡᠬᠦ ᠵᠡᠷᠭᠡ ᠡᠯ᠎ᠡ ᠵᠦᠢᠯ ᠤᠨ ᠠᠵᠢᠯ ᠢ ᠪᠠᠴᠢᠮ ᠠᠬᠢᠭᠤᠯᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢᠨ ᠬᠠᠮᠲᠤ ᠬᠡᠪ ᠤᠨ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠠᠷᠠᠳ ᠤᠯᠠᠨ ᠳᠤ ᠨᠡᠩ ᠴᠢᠨᠠᠷ ᠰᠠᠶᠢᠲᠠᠢ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠷᠢᠯᠴᠠᠨ ᠳᠡᠮᠵᠢᠨ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢ ᠵᠦᠢ ᠵᠣᠬᠢᠰᠲᠠᠶ ᠲᠣᠬᠢᠷᠠᠭᠤᠯᠵᠤ᠂ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠴᠢᠭ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠤᠨ᠂ ᠵᠠᠮ ᠤᠨ ᠳ᠋ᠧᠩ᠂ ᠲᠡᠷᠭᠡᠨ ᠵᠣᠭᠰᠣᠭᠠᠯ᠂ ᠳᠣᠲᠣᠭᠠᠳᠤ ᠵᠠᠮ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠤᠬᠢᠷᠠᠭᠤᠯᠵᠤ᠂ ᠰᠢᠨ᠎ᠡ ᠬᠠᠭᠤᠴᠢᠨ ᠡᠮᠨᠡᠯᠭᠡ ᠶᠢᠨ ᠬᠤᠷᠢᠶ᠎ᠠ ᠶᠢ ᠪᠦᠲᠦᠮᠵᠢᠲᠡᠢ ᠵᠣᠯᠭᠠᠭᠤᠯᠬᠤ ᠪᠠ ᠲᠣᠭᠲᠠᠭᠤᠨ ᠢᠶᠠᠷ ᠰᠢᠯᠵᠢᠭᠦᠯᠬᠦ ᠶᠢ ᠰᠠᠶᠢᠲᠤᠷ ᠬᠢᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠶᠠᠭᠠᠬᠢᠭᠰᠠᠨ ᠴᠤ ᠨᠥᠯᠥᠭᠡᠯᠡᠵᠦ ᠪᠣᠯᠬᠤ ᠦᠭᠡᠢ ᠭᠡᠵᠦ ᠱᠠᠭᠠᠷᠳᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1