ᠲᠣᠭᠲᠠᠬᠤ ᠰᠢᠶᠠᠨ ᠪᠥᠬᠦ ᠰᠢᠶᠠᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/29
      ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠶᠢᠨ ᠲᠥᠯᠥᠭᠡ᠂ 12  ᠳ᠋ᠤᠭᠠᠷ ᠰᠠᠷ᠎ᠠ ᠶᠢᠨ 15 ᠤ ᠡᠳᠦᠷ ᠪᠥᠬᠦ ᠰᠢᠶᠠᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠰᠢᠶᠠᠨ ᠤ ᠶᠦᠨ ᠵᠥᠩ ᠰᠣᠶᠣᠯ ᠤᠨ ᠣᠷᠳᠣᠨ ᠳᠤ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠣᠶᠢᠷ᠎ᠠ ᠶᠢᠨ ᠵᠢᠯ ᠤᠨ ᠲᠤᠷᠰᠢᠬᠢ ᠮᠠᠨ ᠤ ᠰᠢᠶᠠᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ ᠢᠯᠡᠴᠢᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠣᠯᠠᠨ ᠲᠦᠮᠡᠨ ᠤ ᠳᠡᠷᠭᠡᠳᠡ ᠡᠭᠦᠰᠦᠭᠰᠡᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠳᠦᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠵᠠᠳᠠᠯᠪᠠ᠃      ᠬᠤᠷᠠᠯ ᠠᠴᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠡᠭᠦᠯ ᠬᠤᠷᠢᠶᠠᠬᠤ ᠪᠣᠯᠤᠯ᠎ᠠ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤᠳᠠᠯ ᠦᠭᠡᠢ ᠡᠬᠢᠯᠡᠬᠦ ᠪᠣᠯᠤᠯ᠎ᠠ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠭᠦᠨᠵᠡᠭᠡᠢ ᠰᠤᠷᠭᠠᠮᠵᠢ ᠠᠪᠴᠤ᠂ ᠬᠡᠷᠡᠭ ᠢᠶᠠᠷ ᠴᠡᠭᠡᠷᠯᠡᠯ ᠪᠣᠯᠭᠠᠵᠤ᠂ ᠬᠡᠷᠡᠭ ᠢᠶᠠᠷ ᠰᠡᠷᠡᠮᠵᠢᠯᠡᠭᠦᠯᠵᠦ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠬᠦ ᠬᠡᠷᠡᠭᠲᠡᠢ︔ ᠪᠠᠶᠢᠳᠠᠯ ᠡᠭᠦᠷᠭᠡ ᠶᠢ ᠲᠣᠳᠣᠷᠬᠠᠢ ᠲᠠᠨᠢᠵᠤ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠴᠡᠭᠡᠷᠯᠡᠨ ᠰᠡᠷᠡᠮᠵᠢᠯᠡᠵᠦ᠂ ᠬᠤᠷᠢᠭ᠎ᠠ ᠱᠤᠭᠤᠮ ᠢ ᠰᠠᠬᠢᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ︔ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠠᠷᠢᠭᠤᠨ ᠴᠢᠬᠡᠴᠢ ᠪᠠᠶᠢᠬᠤ ᠶᠢ ᠪᠠᠲᠤᠯᠠᠵᠤ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠠᠷᠢᠭᠤᠨ ᠴᠢᠬᠡᠴᠢ ᠪᠠᠷ ᠠᠵᠢᠯ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠺᠠᠳᠠᠷᠴᠤᠳ ᠢ ᠵᠣᠬᠢᠶᠠᠨ ᠪᠠᠢᠭᠤᠯᠵᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠠᠮᠠᠭᠠᠯᠠᠭᠴᠢ ᠰᠢᠬᠦᠷ ᠬᠠᠷᠢᠴᠠᠭᠠᠨ ᠤ ᠲᠣᠤᠷ︾ ᠭᠡᠬᠦ ᠫᠢᠯᠢᠮ ᠢ ᠰᠣᠨᠢᠷᠬᠠᠪᠠ᠃      ᠡᠨᠡ ᠤᠳᠠᠭ᠎ᠠ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠨᠢ ︽ᠳᠡᠷᠭᠡᠳᠡᠬᠢ ᠶᠠᠪᠤᠳᠠᠯ︾ ᠢᠶᠠᠷ ︽ᠳᠡᠷᠭᠡᠳᠡᠬᠢ ᠬᠥᠮᠦᠨ︾ ᠢᠶᠠᠨ ᠬᠥᠮᠦᠵᠢᠭᠦᠯᠬᠦ ︽ᠰᠡᠷᠭᠡᠶᠢᠯᠡᠯᠲᠡ ᠶᠢᠨ ᠬᠢᠴᠢᠶᠡᠯ︾ ᠪᠣᠯᠬᠤ ᠪᠠᠷ ᠪᠠᠷᠠᠬᠤ ᠥᠬᠡᠶ᠂ ᠪᠠᠰᠠ ᠴᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ᠂ ᠰᠡᠷᠡᠮᠵᠢᠯᠡᠭᠦᠯᠦᠨ ᠪᠣᠳᠣᠯᠬᠢᠯᠠᠵᠤ ᠰᠡᠳᠬᠢᠬᠦ ︽ᠴᠡᠨᠡᠭᠯᠡᠬᠦ ᠬᠢᠴᠢᠶᠡᠯ︾ ᠪᠣᠯᠤᠨ᠎ᠠ᠃ ︽ᠳᠡᠷᠭᠡᠳᠡᠬᠢ ᠶᠠᠪᠤᠳᠠᠯ︾ ᠢᠶᠠᠷ ︽ᠳᠡᠷᠭᠡᠳᠡᠬᠢ ᠬᠥᠮᠦᠨ︾ ᠢ ᠬᠥᠮᠦᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠥᠬᠦ ᠰᠢᠶᠠᠨ ᠤ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ︕ ᠭᠡᠵᠦ ᠱᠠᠭᠠᠷᠳᠠᠪᠠ᠃      ᠯᠢᠦ ᠵᠢᠢ ᠶᠢᠩ᠂ ᠶᠦᠨ ᠷᠦᠢ ᠵᠢᠶᠦ᠋ᠨ᠂ ᠲᠢᠶᠠᠨ ᠸᠧᠨ ᠭᠧ ᠵᠡᠷᠭᠡ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠫᠠᠩ ᠯᠢ ᠬᠤᠷᠠᠯ ᠢ ᠡᠷᠭᠢᠯᠡᠪᠡ᠃ ᠪᠦᠬᠦ ᠰᠢᠶᠠᠨ ᠤ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠳᠡᠳ᠋ ᠰᠠᠯᠠᠭᠠᠨ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1