︽ᠦᠪᠤᠷ ᠮᠤᠩᠭᠤᠯ ᠨᠡᠷᠡᠮᠵᠢᠳᠤ︾ ᠲᠦᠷᠦᠯ ᠲᠡᠮᠳᠡᠭ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2020/12/3
      11 ᠰᠠᠷ᠎ᠠ ᠶᠢᠨ 18 ᠤ ᠡᠳᠤᠷ᠂ ︽ᠦᠪᠤᠷ ᠮᠤᠩᠭᠤᠯ ᠨᠡᠷᠡᠮᠵᠢᠳᠤ︾ ᠲᠦᠷᠦᠯ ᠲᠡᠮᠳᠡᠭ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ᠃ ᠬᠤᠷᠠᠯ ᠨᠢ ︽︿ᠦᠪᠤᠷ ᠮᠤᠩᠭᠤᠯ ᠨᠡᠷᠡᠮᠵᠢᠳᠤ﹀ ᠲᠦᠷᠦᠯ ᠲᠡᠮᠳᠡᠭ ᠢᠶᠠᠷ ᠲᠡᠯᠡᠬᠡᠶ ᠳᠤ ᠲᠠᠯ᠎ᠠ ᠨᠤᠲᠤᠭ ᠤᠨ ᠰᠢᠯᠢᠳᠡᠭ ᠪᠦ᠋ᠳᠦᠭᠡᠭᠳᠡᠭᠦᠨ ᠢ ᠰᠣᠩᠭᠤᠨ ᠦᠭᠭᠦ︾ ᠪᠠᠷ ᠭᠤᠤᠯ ᠰᠡᠳᠦᠪ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠᠯᠢᠬᠳᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠡ᠂ ︽ᠥᠨᠳᠥᠷ ᠪᠠᠷᠢᠮᠵᠢᠶ᠎ᠠ + ᠴᠢᠩᠭ᠎ᠠ ᠭᠡᠷᠡᠴᠢᠯᠡᠯ + ᠴᠢᠩᠭ᠎ᠠ ᠬᠢᠨᠠᠯᠲᠠ ᠬᠠᠮᠢᠶᠠᠷᠤᠯᠲᠠ + ᠰᠢᠯᠢᠳᠡᠭ ᠦᠢᠯᠡᠴᠢᠯᠡᠭᠡ︾ ᠶᠢᠨ ᠠᠷᠭ᠎ᠠ ᠮᠠᠶ᠋ᠢᠭ ᠢᠶᠠᠷ᠂ ᠴᠢᠨᠠᠷ ᠰᠠᠶᠢᠲᠠᠶ ᠪᠣᠬᠢᠷᠲᠤᠯ ᠥᠬᠡᠶ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠢ ᠪᠥᠬᠦ ᠤᠯᠤᠰ ᠴᠢᠨᠠᠬᠰᠢᠯᠡᠨ ᠳᠡᠯᠡᠬᠡᠶ ᠶᠢᠨ ᠵᠠᠬ᠎ᠠ ᠲᠡᠯᠭᠡᠭᠦᠷ ᠲᠤ ᠤᠷᠤᠭᠤᠯᠬᠤ ᠰᠢᠨ᠎ᠠ ᠶᠢ ᠡᠭᠦᠤᠨᠭᠦ ᠤᠢᠢᠯᠡᠳᠤᠯᠭᠡ ᠶᠢ ᠪᠦᠭᠦ ᠲᠠᠯ᠎ᠠ ᠪᠠᠷ ᠲᠡᠯᠭᠡᠨ ᠦᠵᠡᠭᠦᠯᠵᠤ᠂ ᠲᠦᠷᠦᠭᠦᠤ ᠪᠦᠯᠦᠭ ᠤᠨ 5 ᠲᠥᠷᠥᠯ ᠤᠨ ᠪᠦᠳᠦᠭᠡᠭᠳᠡᠬᠦᠨ 9 ᠠᠵᠤ ᠠᠬᠤᠶᠢᠯᠠᠯ ᠳᠤ ︽ᠦᠪᠤᠷ ᠮᠤᠩᠭᠤᠯ ᠨᠡᠷᠡᠮᠵᠢᠳᠤ︾ ᠲᠦᠷᠦᠯ ᠲᠡᠮᠳᠡᠭ ᠤᠨ ᠭᠡᠷᠡᠴᠢᠯᠡᠬᠦ ᠡᠷᠬᠡ ᠶᠢ ᠤᠯᠭᠤᠵᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠤᠯ ᠮᠠᠯ ᠠᠵᠤ ᠠᠬᠤᠢ ᠲᠠᠷᠢᠶᠠᠯᠠᠩ ᠤᠨ ᠲᠣᠮᠣ ᠤᠷᠤᠨ ᠪᠣᠯᠤᠨ᠎ᠠ᠂ ᠲᠩᠷᠢ ᠨᠢ ᠴᠡᠯᠮᠡᠭ ᠤᠰᠤ ᠨᠢ ᠲᠤᠩᠭᠠᠯᠠᠭ᠂ ᠨᠠᠷᠠᠨ ᠤ ᠬᠡᠷᠡᠯ ᠤᠨ ᠲᠤᠰᠤᠯᠳᠡ ᠬᠦᠢᠴᠡᠳ᠂ ᠠᠭᠠᠷ ᠨᠢ ᠰᠢᠨ᠎ᠡ ᠰᠣᠷᠭᠤᠭ᠂ ᠬᠥᠷᠥᠰᠥ ᠰᠢᠷᠣᠶ ᠨᠢ ᠥᠩ ᠰᠢᠮᠡᠯᠢᠭ᠂ ᠥᠪᠡᠷᠮᠢᠴᠡ ᠡᠬᠢ ᠪᠠᠶᠠᠯᠢᠭ ᠲᠠᠢ ᠪᠠᠶᠢᠳᠠᠭ ᠢᠶᠠᠷ ᠢᠶᠠᠨ ᠤᠤᠯ ᠭᠠᠷᠤᠯᠲᠠ ᠶᠢᠨ ᠭᠠᠵᠠᠷ ᠤᠨ ᠬᠠᠮᠠᠭᠠᠯᠠᠯᠲᠠ ᠪᠤᠯᠤᠨ ᠪᠣᠬᠢᠷᠲᠤᠯ ᠦᠭᠡᠶ ᠣᠷᠭᠠᠨᠢᠭ ᠭᠡᠷᠡᠴᠢᠯᠡᠯ ᠪᠦᠬᠦᠢ 1800 ᠭᠠᠷᠤᠢ ᠲᠦᠷᠦᠯ ᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠢ ᠪᠤᠢ ᠪᠤᠯᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠦᠪᠤᠷ ᠮᠤᠩᠭᠤᠯ ᠨᠡᠷᠡᠮᠵᠢᠳᠤ︾ ᠲᠦᠷᠦᠯ ᠲᠡᠮᠳᠡᠭ ᠤᠨ ᠴᠤᠬᠴᠠᠯᠠᠯᠳᠠ ᠳᠤ ᠪᠠᠷᠢᠮᠵᠢᠶ᠎ᠠ᠂ ᠲᠦᠷᠢᠮ᠂ ᠠᠵᠤ ᠦᠢᠯᠡᠰ᠂ ᠶᠠᠰᠤ ᠴᠢᠨᠠᠷ ᠂ ᠳᠡᠯᠭᠡᠷᠡᠭᠦᠯᠦᠯᠲᠡ ᠵᠡᠷᠭᠡ ︽ᠲᠠᠪᠤᠨ ᠶᠡᠭᠡ ᠰᠢᠰᠲ᠋ᠧᠮ︾ ᠢ ᠴᠤᠭᠴᠠᠯᠠᠨ ᠪᠠᠶᠢᠭᠤᠯᠵᠤ᠂ ᠣᠯᠠᠨ ᠤᠯᠤᠰ ᠤᠨ ᠨᠡᠶᠢᠳᠡᠮ ᠬᠡᠷᠡᠭᠯᠡᠬᠦ ᠬᠡᠷᠡᠴᠢᠯᠡᠯᠳᠡ ᠶᠢᠨ ᠠᠷᠭ᠎ᠠ ᠮᠠᠶ᠋ᠢᠭ ᠢ ᠬᠡᠷᠡᠭᠯᠡᠨ᠂ ᠰᠢᠯᠢᠳᠡᠭ ᠳᠡᠭᠡᠳᠦ ᠲᠠᠰ ᠤᠨ ᠪᠦᠳᠦᠭᠡᠭᠳᠡᠬᠦᠨ ᠢ ᠬᠢᠨᠠᠨ ᠰᠣᠩᠭᠤᠵᠤ ᠂ ᠨᠠᠩ ᠣᠯᠠᠨ ᠥᠪᠥᠷ ᠮᠣᠩᠭᠤᠯ ᠤᠨ ᠰᠠᠶᠢᠨ ᠪᠦᠳᠦᠭᠡᠭᠳᠡᠬᠦᠨ ᠢ ᠲᠡᠯᠭᠡᠨ ᠦᠵᠡᠬᠦᠯᠬᠦ ᠪᠤᠯᠤᠨ᠎ᠠ᠃ ︽ᠦᠪᠤᠷ ᠮᠤᠩᠭᠤᠯ ᠨᠡᠷᠡᠮᠵᠢᠳᠤ︾ ᠲᠦᠷᠦᠯ ᠲᠡᠮᠳᠡᠭ ᠤᠨ ᠬᠡᠷᠡᠴᠢᠯᠡᠯᠳᠡ ᠨᠢ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ ᠲᠡᠯᠭᠡᠭᠦᠷ ᠢᠶᠠᠷ ᠠᠵᠢᠯᠯᠠᠭᠤᠯᠬᠤ᠂ ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ᠂ ᠬᠡᠷᠡᠴᠢᠯᠡᠯᠳᠡ ᠪᠠᠷ ᠲᠤᠯᠭᠠᠭᠤᠷᠢᠯᠠᠬᠤ᠂ ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ᠤᠷᠤᠯᠴᠠᠬᠤ︾ ᠵᠠᠷᠴᠢᠮ ᠢ ᠵᠢᠷᠦᠮᠯᠡᠵᠤ᠂ ︽ᠳᠡᠯᠡᠬᠡᠶ ᠳᠡᠭᠡᠷᠡᠬᠢ ᠥᠷᠢᠰᠦᠯᠳᠦᠬᠦ ᠬᠦᠴᠦᠨ ᠪᠥᠬᠦᠶ ᠣᠷᠣᠨ ᠪᠦᠰᠡ ᠶᠢᠨ ᠲᠦᠷᠦᠯ ᠲᠡᠮᠳᠡᠭ ᠢ ᠪᠣᠶ ᠪᠣᠯᠭᠠᠬᠤ︾ ᠪᠠᠷ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠤᠯᠭᠠᠪᠠ᠃ ︽ᠦᠪᠤᠷ ᠮᠤᠩᠭᠤᠯ ᠨᠡᠷᠡᠮᠵᠢᠳᠤ ︾ ᠲᠦᠷᠦᠯ ᠲᠡᠮᠳᠡᠭ ᠨᠢ ᠥᠪᠥᠷ ᠮᠣᠩᠭᠤᠯ ᠤᠨ ᠲᠦᠷᠦᠯ ᠲᠡᠮᠳᠡᠭ ᠤᠨ ᠴᠤᠬᠴᠠᠯᠡᠯᠳᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠲᠥᠷᠥᠯ ᠲᠡᠮᠳᠡᠭ ᠤᠨ ᠴᠤᠬᠴᠠᠯᠠᠯᠳᠠ ᠲᠤᠮᠳᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠶᠠᠰᠤ ᠴᠢᠨᠠᠷ ᠢ ᠲᠤᠯᠭᠠᠭᠤᠷᠢᠯᠠᠭᠤᠯᠬᠤ᠂ ᠶᠠᠰᠤ ᠴᠢᠨᠠᠷ ᠢ ᠪᠠᠳᠤᠯᠠᠬᠤ ᠵᠡᠷᠭᠡ ᠴᠢᠬᠤᠯᠠ ᠦᠢᠯᠡᠳᠦᠯ ᠢ ᠪᠠᠳᠠᠷᠠᠭᠤᠯᠵᠤ᠂ ᠮᠠᠨ ᠤ ᠣᠷᠣᠨ ᠤ ︽ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ᠂ ᠪᠣᠬᠢᠷᠲᠤᠯ ᠥᠬᠡᠶ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1