ᠪᠦᠬᠦ ᠰᠢᠶᠠᠨ ᠤ ᠬᠤᠲᠠ ᠶᠢᠨ ᠬᠡᠪᠴᠢᠶᠡᠨ ᠳᠤ ᠨᠡᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/3
      11 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠦᠬᠦ ᠰᠢᠶᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠬᠢᠭᠰᠡᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠠᠶ᠃ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠬᠤ᠂ ᠮᠠᠨ ᠤ ᠰᠢᠶᠠᠨ ᠤ ᠬᠤᠲᠠ ᠶᠢᠨ ᠬᠡᠪᠴᠢᠶᠡᠨ ᠳᠠᠬᠢ ᠨᠡᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠢ ᠲᠤᠬᠢᠷᠠᠭᠤᠯᠤᠨ ᠪᠠᠢᠷᠢᠯᠠᠭᠤᠯᠵᠠᠢ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠦᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠲᠣᠬᠢᠷᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠢ ᠲᠦᠯᠬᠢᠨ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠠᠮᠤᠷ ᠠᠮᠤᠭᠤᠯᠠᠩ ᠳᠤᠮᠳᠠᠳᠤ ᠤᠯᠤᠰ ᠤᠨ ᠪᠠᠶᠢᠭᠤᠯᠤᠯᠲᠠ ᠶᠢᠨ ᠲᠤᠬᠠᠶ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠠᠮᠤᠷ ᠠᠮᠤᠭᠤᠯᠠᠩ ᠳᠤᠮᠳᠠᠳᠤ ᠤᠯᠤᠰ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠠᠶ᠃ ᠥᠷᠭᠡᠨ ᠣᠯᠠᠨ ᠺᠠᠳ᠋ᠷ ᠣᠯᠠᠨ ᠲᠦᠮᠡᠨ ᠤ ᠣᠶᠤᠨ ᠤᠬᠠᠭᠠᠨ ᠬᠦᠴᠦᠨ ᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠣᠳᠣᠬᠢᠴᠢᠯᠠᠯᠲᠠ ᠶᠢᠨ ᠬᠠᠷᠠᠯᠲᠠ ᠡᠭᠦᠷᠭᠡ ᠳᠡᠭᠡᠷ᠎ᠡ  ᠨᠢᠭᠳᠡᠷᠠᠭᠤᠯᠵᠦ᠂ ᠠᠮᠤᠷ ᠠᠮᠤᠭᠤᠯᠠᠩ ᠲᠣᠭᠲᠠᠬᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ  ᠲᠡᠭᠡᠭᠰᠢᠯᠡᠭᠦᠯᠬᠦ ᠬᠡᠷᠡᠭᠳᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠪᠠᠰᠠ ᠴᠤ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ ᠮᠥᠨ᠂ ᠡᠷᠬᠡᠪᠰᠢ ᠯᠠᠪᠳᠠᠭᠤᠨ ᠪᠠᠳᠤᠳᠠᠢ ᠠᠵᠢᠯᠯᠠᠵᠤ᠂ ᠰᠢᠰᠲ᠋ᠧᠮ ᠲᠠᠢ ᠠᠬᠢᠭᠤᠯᠬᠤ ᠬᠡᠷᠡᠭᠲᠡᠶ᠃ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ ᠮᠥᠴᠢᠷ ᠤᠳ ᠪᠦᠬᠦ ᠰᠢᠶᠠᠨ ᠤ ︽ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠡᠭᠡᠳᠭᠡᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠪᠣᠯᠤᠨ ︽ᠲᠣᠤᠷᠵᠢᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠭᠠᠵᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠲᠠᠢ ᠨᠢᠭᠲᠠ ᠤᠶᠠᠯᠳᠤᠭᠤᠯᠵᠤ᠂ ᠡᠭᠦᠷᠭᠡᠯᠡᠭᠰᠡᠨ ᠡᠭᠦᠷᠭᠡ ᠪᠠᠨ ᠳᠠᠬᠢᠨ ᠨᠠᠷᠢᠯᠢᠭᠵᠢᠭᠤᠯᠵᠤ᠂ ᠳᠠᠬᠢᠨ ᠡᠮᠬᠢᠯᠡᠵᠦ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ ᠬᠠᠷᠢᠭᠤᠴᠠᠯᠭᠠᠲᠠᠨ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠶᠤᠨ ᠤ ᠬᠠᠮᠢᠶᠠᠷᠤᠯᠲᠠ ᠶᠢᠨ ᠲᠣᠤᠷᠵᠢᠭᠤᠯᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠦ᠂ ᠵᠥᠷᠢᠴᠡᠯ ᠵᠢᠭᠤᠷᠠᠭᠠᠨ ᠢ ᠠᠷᠢᠯᠭᠠᠬᠤ ᠬᠠᠮᠲᠤᠷᠠᠭᠰᠠᠨ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠭᠡᠭᠡᠨ ᠰᠠᠷᠠᠭᠤᠯ ᠢᠨᠵᠧᠨᠧᠷᠢᠩ︾ ᠤᠨ ᠵᠠᠯᠭᠠᠮᠵᠢ ᠠᠵᠢᠯ ᠢ ᠰᠠᠶᠢᠲᠤᠷ  ᠬᠢᠬᠦ ᠬᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠵᠢᠯ ᠤᠨ ᠭᠤᠤᠯᠳᠠᠯᠭ᠎ᠠ ᠪᠠᠨ ᠳᠡᠭᠡᠳᠦ ᠱᠠᠲᠤᠨ ᠤ ᠪᠠᠶᠢᠳᠠᠯ ᠢ ᠳᠣᠷᠣᠭᠰᠢ ᠪᠠᠭᠤᠯᠭᠠᠬᠤ᠂ ᠪᠣᠳᠠᠲᠠᠶ ᠵᠢᠯᠣᠭᠤᠳᠬᠤ᠂ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ᠂  ᠲᠤᠷᠰᠢᠯᠭ᠎ᠠ ᠪᠠᠨ ᠳ᠋ᠦᠩᠨᠡᠬᠦ ᠳᠡᠭᠡᠷ᠎ᠡ ᠲᠠᠯᠪᠢᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠭᠡᠷ ᠤᠨ ᠲᠤᠷᠰᠢᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ᠂ ᠣᠯᠠᠨ ᠲᠦᠮᠡᠨ ᠤ ᠰᠡᠳᠬᠢᠯ ᠬᠠᠨᠤᠮᠵᠢ ᠶᠢᠨ ᠪᠠᠶᠢᠳᠠᠯ ᠵᠡᠷᠭᠡ ᠶᠢᠨ ᠲᠣᠭᠤᠷᠢᠨ ᠳᠤ ᠲᠤᠰᠬᠠᠶ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠬᠡᠷᠡᠭᠲᠡᠶ᠃ ᠤᠬᠠᠭᠤᠯᠬᠤ ᠬᠡᠯᠲᠡᠰ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢ ᠶᠢ ᠭᠦᠢᠴᠡᠳ ᠠᠰᠢᠭᠯᠠᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠤᠬᠠᠭᠤᠯᠵᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠥᠷᠭᠡᠨ ᠢᠶᠠᠷ ᠳᠠᠶᠢᠴᠢᠯᠠᠨ᠎ᠠ᠃ ᠮᠠᠨ ᠤ ᠰᠢᠶᠠᠨ ᠤ ᠣᠨᠴᠠᠯᠢᠭ ᠲᠠᠢ ᠨᠡᠶᠢᠭᠡᠮ ᠤᠨ ᠵᠠᠰᠠᠯᠲᠠ ᠶᠢᠨ ᠠᠮᠵᠢᠯᠲᠠ ᠲᠠᠢ ᠲᠤᠷᠰᠢᠯᠭ᠎ᠠ ᠪᠣᠯᠤᠨ ᠰᠢᠨ᠎ᠡ ᠶᠢ ᠡᠭᠦᠳᠬᠦ ᠠᠷᠭ᠎ᠠ ᠪᠠᠷᠢᠯ ᠢ ᠴᠠᠭ ᠲᠤᠬᠠᠶ ᠳᠤᠨᠢ ᠳ᠋ᠦᠩᠨᠡᠨ ᠲᠡᠯᠭᠡᠷᠡᠭᠦᠯᠵᠦ ᠵᠢᠱᠢᠶ᠎ᠡ ᠦᠵᠡᠭᠦᠯᠦᠨ ᠪᠦᠬᠦ ᠰᠢᠶᠠᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠳᠠ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧᠦ ᠯᠢᠨ ᠹᠧᠩ ᠮᠠᠨ ᠤ ᠰᠢᠶᠠᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠢ ᠬᠠᠷᠢᠭᠤ ᠮᠡᠳᠡᠭᠦᠯᠪᠡ᠃      ᠯᠢᠦ ᠵᠢᠶ ᠶᠢᠩ᠂ ᠲᠢᠶᠠᠨ ᠸᠧᠨ ᠭᠧ ᠵᠡᠷᠭᠡ ᠰᠢᠶᠠᠨ ᠬᠤᠯᠪᠣᠭᠳᠠᠯ ᠪᠥᠬᠦᠶ ᠤᠳᠤᠷᠢᠳᠤᠯᠭ᠎ᠠ᠂ ᠡᠯ᠎ᠡ ᠪᠠᠯᠭᠠᠰᠤ᠂  ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1