ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠭᠦ᠋ ᠴᠧᠩ ᠪᠠᠯᠭᠠᠰᠤᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020/12/3
      ᠬᠡᠳᠦᠨ ᠡᠳᠦᠷ ᠤᠨ ᠲᠤᠷᠰᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠲᠤᠰ ᠲᠤᠰ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠭᠦ᠋ ᠴᠧᠩ ᠪᠠᠯᠭᠠᠰᠤᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ‌‍ᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠪᠠᠷᠢᠮᠵᠢᠶ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠬᠠᠷᠢᠴᠠᠭᠤᠯᠵᠤ᠂ ᠣᠯᠠᠨ ᠲᠠᠢ ᠬᠠᠮᠲᠤ ᠦᠨᠳᠦᠰᠦᠲᠡᠨ ᠤ ᠠᠵᠢᠯ ᠤᠨ ᠳᠤᠮᠳᠠᠬᠢ ᠳᠣᠪᠤᠶᠢᠮ᠎ᠠ ᠠᠰᠠᠭᠤᠳᠠᠯ ᠪᠣᠯᠤᠨ ᠠᠰᠠᠭᠤᠳᠠᠯ ᠤᠨ ᠦᠨᠳᠦᠰᠦ ᠰᠤᠷᠪᠤᠯᠵᠢ ᠪᠣᠯᠤᠨ ᠵᠠᠩᠭᠢᠯᠠᠭ᠎ᠠ ᠶᠢ ᠪᠠᠶᠢᠴᠠᠭᠠᠨ ᠪᠣᠳᠣᠯᠬᠢᠯᠠᠵᠤ᠂ ᠤᠯᠤᠰ ᠲᠥᠷᠥ ᠶᠢᠨ ᠵᠣᠭᠰᠣᠯᠲᠠ ᠪᠣᠯᠤᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠡᠳᠬᠢᠴᠡ ᠠᠷᠭ᠎ᠠ ᠬᠡᠮᠵᠢᠶ᠎ᠡ ᠶᠢ  ᠲᠡᠭᠦᠯᠳᠡᠷᠵᠢᠭᠦᠯᠪᠡ᠃      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠭᠦ᠋ ᠴᠧᠩ ᠪᠠᠯᠭᠠᠰᠤᠨ ᠤ ᠪᠠᠭ ᠵᠢᠴᠢ ᠪᠠᠭ ᠤᠨ ᠪᠦᠷᠢᠯᠳᠦᠬᠦᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠯᠢᠦ ᠵᠢᠶ ᠶᠢᠩ ᠭᠤᠷᠪᠠᠨ ᠰᠠᠯᠠᠭ᠎ᠠ ᠮᠥᠴᠢᠷ ᠤᠨ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠪᠠᠶᠢᠳᠠᠯ ᠳᠤ ᠦᠨᠡᠯᠡᠯᠲᠡ ᠬᠢᠵᠦ᠂ ᠬᠡᠰᠡᠭ ᠨᠥᠬᠦᠳ ᠤᠨ ᠥᠪᠡᠷ ᠤᠨ ᠰᠢᠭᠦᠮᠵᠢᠯᠡᠯ ᠪᠠᠰᠠ ᠭᠦᠨᠵᠡᠭᠡᠶ ᠪᠢᠰᠢ᠂ ᠰᠢᠯᠲᠠᠭᠠᠨ ᠢ ᠵᠠᠳᠠᠯᠤᠭᠠᠳ ᠠᠮᠢᠨ ᠰᠦᠨᠡᠰᠦ ᠶᠢ ᠨᠢ ᠬᠥᠨᠳᠡᠭᠡᠳᠦᠶ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠪᠠᠰᠠ ᠪᠣᠳᠠᠲᠠᠶ ᠪᠢᠰᠢ ᠵᠡᠷᠭᠡ ᠠᠰᠠᠭᠤᠳᠠᠯ ᠢ ᠵᠢᠭᠠᠵᠤ ᠭᠠᠷᠭᠠᠪᠠ᠃ ᠤᠯᠤᠰ ᠲᠥᠷᠥ ᠶᠢ ᠡᠷᠬᠢᠮᠯᠡᠬᠦ ᠲᠡᠭᠡᠳᠦ ᠬᠡᠮᠵᠢᠶᠡᠨ ᠠᠴᠠ ᠦᠨᠳᠦᠰᠦᠲᠡᠨ ᠤ ᠠᠵᠢᠯ ᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠭᠦᠨᠵᠡᠭᠡᠶ ᠵᠠᠳᠠᠯᠤᠨ ᠪᠣᠳᠣᠯᠬᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠪᠠᠬᠢ ᠪᠤᠢ ᠪᠣᠯᠭᠠᠵᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠴᠢᠩᠭ᠎ᠠ ᠪᠢᠰᠢ ᠪᠠᠶᠢᠬᠤ ᠵᠡᠷᠭᠡ ᠠᠰᠠᠭᠤᠳᠠᠯ ᠢ ᠬᠡᠷᠬᠢᠨ ᠰᠠᠶᠢᠲᠤᠷ ᠰᠢᠢᠳᠪᠦᠷᠢᠯᠡᠬᠦ ᠶᠢ ᠰᠤᠳᠤᠯᠪᠠ᠃      ᠯᠢᠦ ᠵᠢᠶ ᠶᠢᠩ᠂ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠬᠤ ᠪᠠ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠡᠭᠡᠷ᠎ᠡ ᠬᠠᠲᠠᠭᠤ ᠴᠢᠷᠮᠠᠶᠢᠯᠭ᠎ᠠ ᠭᠠᠷᠭᠠᠬᠤ ᠬᠡᠷᠡᠭᠲᠡᠶ᠃ ᠨᠠᠮ ᠤᠨ ᠭᠡᠰᠢᠭᠦᠨ ᠺᠠᠳ᠋ᠷ᠂ ᠠᠷᠠᠳ ᠣᠯᠠᠨ ᠤ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠤᠳᠤᠯᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠠᠷᠢᠬᠢ ᠲᠣᠯᠣᠭᠠᠶ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ᠃ ᠰᠢᠨ᠎ᠡ ᠵᠠᠭᠤᠴᠢᠯᠠᠭᠤᠷ ᠵᠡᠷᠭᠡ ᠤᠯᠠᠨ ᠨᠡᠶᠢᠲᠡ ᠶᠢᠨ ᠤᠯᠠᠮᠵᠢᠯᠠᠬᠤ ᠵᠠᠭᠤᠴᠢ ᠶᠢ ᠭᠦᠢᠴᠡᠳ ᠠᠰᠢᠭᠯᠠᠵᠤ᠂ ᠪᠦᠬᠦ ᠨᠡᠶᠢᠭᠡᠮ᠂ ᠪᠦᠬᠦ ᠲᠠᠯ᠎ᠠ ᠪᠠᠷ᠂ ᠪᠦᠬᠦ ᠬᠦᠷᠢᠶᠡᠨ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠢ᠃ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠳᠠᠭᠤᠨ ᠢ ᠨᠠᠮᠬᠠᠨ ᠴᠤᠤᠷᠢᠶᠠᠲᠤᠭᠤᠯᠵᠤ᠂ ᠦᠨᠳᠦᠰᠦᠲᠡᠨ ᠤ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ  ᠪᠠᠶᠢᠭᠤᠯᠬᠤ ᠬᠡᠷᠡᠭᠳᠡᠢ ᠭᠡᠵᠦ ᠵᠢᠭᠠᠨ ᠭᠠᠷᠭᠠᠪᠠ᠃      ᠯᠢᠦ ᠵᠢᠶ ᠶᠢᠩ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠶ ᠬᠢᠨᠠᠨ ᠦᠵᠡᠵᠦ᠂ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠪᠠ ᠤᠯᠠᠨ ᠡᠰᠢᠲᠦ ᠨᠢᠭᠡ ᠴᠤᠬᠴᠠᠵᠢᠭᠤᠯᠤᠬᠰᠠᠨ ᠪᠠᠶᠢᠷᠢᠰᠢᠯ ᠭᠡᠬᠦ ᠡᠨᠡ ᠬᠦ ︽ᠨᠢᠭᠡ ᠨᠡᠶᠢᠯᠡᠪᠦᠷᠢ︾ ᠶᠢᠨ ᠬᠠᠷᠢᠴᠠᠭ᠎ᠠ ᠶᠢ ᠭᠦᠨᠵᠡᠭᠡᠶ ᠲᠠᠨᠢᠬᠤ ᠬᠡᠷᠡᠭᠲᠡᠶ︔ ︽ᠠᠳᠠᠯᠢ ᠪᠠ ᠠᠳᠠᠯᠢ ᠪᠤᠰᠤ︾ ᠶᠢᠨ ᠬᠠᠷᠢᠴᠠᠭ᠎ᠠ ᠶᠢ ᠵᠥᠪ ᠲᠠᠨᠢᠵᠤ᠂ ᠵᠥᠷᠢᠶ᠎ᠡ ᠶᠢ ᠬᠦᠨᠳᠦᠳᠬᠡᠬᠦ᠂ ᠤᠯᠠᠨ ᠶᠠᠩᠵᠤ ᠶᠢ ᠪᠠᠭᠲᠠᠭᠠᠬᠤ᠂ ᠨᠡᠶᠢᠲᠡᠯᠢᠭ ᠴᠢᠨᠠᠷ ᠲᠤ ᠵᠥᠪ ᠢᠶᠠᠷ ᠬᠠᠨᠳᠤᠬᠤ᠂ ᠨᠡᠮᠡᠭᠳᠡᠭᠦᠯᠬᠦ ᠶᠢ ᠨᠢᠭᠡ ᠴᠤᠭᠴᠠᠵᠢᠭᠤᠯᠬᠤ ᠶᠢ ᠪᠡᠶᠡᠯᠡᠭᠦᠯᠬᠦ ᠬᠡᠷᠡᠭᠲᠡᠶ︔ ︽ᠮᠥᠩᠬᠡ ᠪᠠ ᠬᠤᠪᠢᠷᠠᠯᠲᠠ︾ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠯᠭᠠᠮᠵᠢᠯᠠᠬᠤ ᠳᠤᠮᠳᠠ ᠬᠥᠭᠵᠢᠭᠦᠯᠵᠦ᠂ ᠬᠥᠭᠵᠢᠭᠦᠯᠬᠦ ᠳᠤᠮᠳᠠ ᠰᠢᠨ᠎ᠡ ᠶᠢ ᠡᠭᠦᠳᠦᠨ᠎ᠡ᠃ ᠠᠵᠢᠯ ᠤᠨ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢᠦ ᠵᠢᠶ ᠶᠢᠩ᠂ ᠬᠥ᠋ ᠴᠧᠩ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠯᠤᠰ ᠲᠥᠷᠥ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠶ ᠴᠢᠬᠤᠯᠠ ᠦᠭᠦᠯᠡᠯᠳᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠤᠯᠤᠰ ᠲᠥᠷᠥ ᠶᠢᠨ ᠲᠠᠯ᠎ᠠ ᠠᠴᠠ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠣᠯᠤᠨ ᠠᠰᠠᠭᠤᠳᠠᠯ ᠢ ᠪᠣᠳᠣᠯᠬᠢᠯᠠᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠶᠡᠭᠡ ᠲᠠᠯ᠎ᠠ ᠠᠴᠠ ᠦᠨᠳᠦᠰᠦᠲᠡᠨ ᠤ ᠬᠠᠷᠢᠴᠠᠭ᠎ᠠ ᠶᠢ ᠡᠵᠡᠮᠰᠢᠨ᠂ ᠦᠨᠳᠦᠰᠦᠲᠡᠨ ᠤ ᠠᠰᠠᠭᠤᠳᠠᠯ ᠳᠤ ᠬᠠᠨᠳᠤᠨ᠎ᠠ᠃ ᠦᠨᠳᠦᠰᠦᠲᠡᠨ ᠤ ᠠᠵᠢᠯ ᠤᠨ ᠡᠯ᠎ᠡ ᠭᠤᠭᠴᠤᠭ᠎ᠠ ᠡᠯ᠎ᠡ ᠲᠠᠯ᠎ᠠ ᠶᠢ ᠨᠠᠷᠢᠯᠢᠭ ᠪᠣᠳᠠᠲᠠᠢ ᠠᠳᠬᠤᠵᠤ᠂ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ ᠎ᠠ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠪᠠ ᠣᠨ ᠤ ᠭᠤᠤᠯᠳᠠᠯᠭ᠎ᠠ ᠲᠠᠢ ᠠᠵᠢᠯ ᠤᠨ ︽ᠡᠷᠭᠢᠵᠦ ᠬᠠᠷᠠᠬᠤ︾᠂ ᠠᠮᠤᠷ ᠲᠦᠪᠰᠢᠨ ᠲᠣᠭᠲᠠᠭᠤᠨ ᠪᠠᠶᠢᠬᠤ ᠪᠠ ᠡᠪᠦᠯ ᠤᠨ ᠤᠯᠠᠷᠢᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ ᠬᠦᠴᠦᠯᠡᠨ ᠰᠠᠶᠢᠳᠤᠷ ᠠᠳᠬᠤᠵᠤ᠂ ᠭᠠᠵᠠᠷ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠳᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1