ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 213 ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/31
      12 ᠳ᠋ᠤᠭᠠᠷ ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 213 ᠳ᠋ᠤᠭᠠᠷ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠡᠷᠭᠢᠯᠡᠪᠡ᠃      ᠬᠤᠷᠠᠯ ᠠᠴᠠ ︽︿ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠪᠠ︔ ︽︿ᠠᠯᠪᠠᠨ ᠲᠤᠰᠢᠶᠠᠯᠲᠠᠨ ᠤ ᠠᠵᠤ ᠠᠬᠤᠶᠢᠯᠠᠯ ᠳᠤ ᠬᠤᠯᠪᠣᠭᠳᠠᠭᠰᠠᠨ ᠤᠴᠢᠷ ᠶᠠᠪᠤᠳᠠᠯ ᠢ ᠳᠡᠩᠰᠡᠯᠡᠨ ᠮᠡᠳᠡᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠨ ᠰᠤᠷᠤᠯᠴᠠᠪᠠ︔ ᠱᠢ ᠲᠠᠢ ᠹᠧᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ︔ ᠬᠤᠲᠠ ᠶᠢᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠦᠬᠦ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤᠮᠳᠠᠬᠢ ᠲᠤᠪᠤᠶᠢᠮ᠎ᠠ ᠠᠰᠠᠭᠤᠳᠠᠯ ᠢ ᠦᠨᠡᠨ ᠬᠦ ᠲᠤᠭᠤᠰᠢᠲᠠᠢ ᠴᠡᠭᠴᠡᠯᠡᠨ ᠰᠠᠶᠢᠵᠢᠷᠠᠭᠤᠯᠵᠤ᠂ ᠳᠤᠲᠠᠭᠤᠳᠠᠯ ᠢ ᠨᠥᠬᠦᠪᠥᠷᠢᠯᠡᠵᠦ᠂ ᠲᠦᠷᠢᠮ ᠲᠣᠭᠲᠠᠭᠠᠯ ᠲᠣᠭᠲᠠᠭᠠᠬᠤ ᠠᠵᠢᠯ ᠢ ᠭᠦᠨᠵᠡᠭᠡᠢ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠂ ᠣᠨᠣᠪᠴᠢᠲᠠᠢ ᠪᠣᠯᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠵᠠᠪᠠᠯ ᠨᠠᠷᠢᠨ ᠬᠢᠨᠠᠮᠠᠭᠠᠶ ᠰᠤᠷᠤᠯᠴᠠᠵᠤ᠂ ᠰᠢᠮᠳᠠᠭᠤᠯᠤᠨ ᠪᠠᠶᠢᠴᠠᠭᠠᠬᠤ ᠠᠭᠤᠯᠭ᠎ᠠ᠂ ᠰᠢᠮᠳᠠᠭᠤᠯᠤᠨ ᠪᠠᠶᠢᠴᠠᠭᠠᠬᠤ ᠭᠤᠣᠯᠳᠠᠯᠭ᠎ᠠ ᠶᠢ ᠡᠵᠡᠮᠳᠡᠵᠦ᠂ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠠᠷᠢᠮᠵᠢᠶᠠᠯᠠᠵᠤ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ᠂ ᠠᠵᠢᠯ ᠢᠶᠠᠨ ᠪᠣᠳᠠᠲᠠᠶ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠪᠣᠳᠠᠲᠠᠶ ᠨᠠᠷᠢᠯᠢᠭ ᠠᠳᠬᠤᠵᠤ᠂ ᠪᠥᠬᠦ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠢᠳᠡᠪᠬᠢᠲᠡᠶ ᠠᠬᠢᠭᠤᠯᠬᠤ ᠬᠡᠷᠡᠭᠲᠡᠶ ᠭᠡᠵᠡᠶ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠬᠢᠨᠠᠮᠠᠭᠠᠢ ᠦᠢᠯᠡᠳᠦᠯᠭᠡᠵᠢᠭᠦᠯᠵᠦ᠂ ᠬᠥᠳᠡᠯᠮᠦᠷᠢᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠬᠥᠳᠡᠯᠮᠦᠷᠢ ᠶᠢᠨ ᠵᠢᠱᠢᠶᠡᠴᠢ ᠶᠢᠨ ᠠᠵᠢᠯ ᠢ ᠴᠢᠩᠭᠠᠳᠬᠠᠬᠤ ᠶᠢ ᠴᠢᠬᠤᠯᠠᠴᠢᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠬᠥᠳᠡᠯᠮᠦᠷᠢᠴᠢᠳ ᠢ ᠨᠡᠩ ᠪᠠᠲᠤᠯᠠᠭ᠎ᠠ ᠲᠠᠢ᠂ ᠨᠡᠩ ᠨᠡᠷ᠎ᠡ ᠬᠦᠨᠳᠦ ᠲᠠᠢ ᠪᠣᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠢ᠂ ᠪᠦᠷᠢᠯᠭᠡᠨ ᠰᠦᠢᠳᠬᠡᠬᠦ ᠨᠢ ᠢᠴᠢᠭᠦᠷᠢ ᠭᠤᠲᠤᠮᠰᠢᠭ ᠲᠠᠢ ᠭᠡᠬᠦ ᠦᠵᠡᠯ ᠰᠠᠨᠠᠭ᠎ᠠ ᠣᠶᠢᠯᠠᠭᠠᠭᠳᠠᠬᠤᠨ ᠢ ᠶᠡᠭᠡ ᠪᠠᠷ ᠤᠬᠠᠭᠤᠯᠤᠨ᠂ ᠳᠤᠮᠳᠠᠳᠤ ᠶᠢᠨ ᠦᠨᠳᠦᠰᠦᠲᠡᠨ ᠤ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠨ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠶᠢ ᠪᠠᠷᠢᠮᠲᠠᠯᠠᠵᠤ᠂ ᠪᠠᠶᠢᠭᠤᠯᠭ᠎ᠠ ᠠᠴᠠ ᠡᠬᠢᠯᠡᠨ ᠬᠢᠵᠦ᠂ ︽ᠬᠤᠭᠤᠰᠣᠨ ᠫᠠᠨᠰᠠ ᠶᠢᠨ ᠠᠵᠢᠯᠯᠠᠭ᠎ᠠ︾ ᠶᠢ ᠦᠢᠯᠡᠳᠦᠯᠭᠡᠵᠢᠭᠦᠯᠦᠨ᠂ ᠬᠤᠶᠠᠷ ᠲᠠᠯ᠎ᠠ ᠪᠠᠷ ᠴᠠᠭᠠᠰᠤ ᠬᠡᠷᠡᠭᠯᠡᠬᠦ ᠶᠢ ᠰᠠᠨᠠᠭᠠᠴᠢᠯᠠᠵᠤ᠂ ᠴᠠᠭᠠᠰᠤᠨ ᠤ ᠬᠤᠷᠣᠭᠳᠠᠯ ᠢ ᠪᠠᠭᠠᠰᠬᠠᠨ᠂ ᠪᠦᠷᠢᠯᠭᠡᠨ ᠰᠦᠢᠳᠬᠡᠬᠦ ᠨᠢ ᠢᠴᠢᠭᠦᠷᠢ ᠭᠤᠲᠤᠮᠰᠢᠭ ᠲᠠᠢ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠢ ᠭᠡᠬᠦ ᠣᠶᠢᠯᠠᠭᠠᠭᠳᠠᠬᠤᠨ ᠢ ᠦᠨᠡᠨ ᠬᠦ ᠰᠡᠳᠬᠢᠯ ᠳᠡᠭᠡᠨ ᠰᠢᠩᠭᠡᠭᠡᠬᠦ ᠬᠡᠷᠡᠭᠳᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ︽ᠠᠯᠪᠠᠨ ᠲᠤᠰᠢᠶᠠᠯᠲᠠᠨ ᠤ ᠠᠵᠤ ᠠᠬᠤᠶᠢᠯᠠᠯ ᠳᠤ ᠬᠤᠯᠪᠣᠭᠳᠠᠭᠰᠠᠨ ᠤᠴᠢᠷ ᠶᠠᠪᠤᠳᠠᠯ ᠢ ᠳᠡᠩᠰᠡᠯᠡᠵᠦ ᠮᠡᠳᠡᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠤ ᠵᠣᠷᠢᠯᠭ᠎ᠠ ᠪᠣᠯ ᠠᠯᠪᠠᠨ ᠲᠤᠰᠢᠶᠠᠯᠲᠠᠨ ᠤ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠯᠪᠠᠨ ᠲᠤᠰᠢᠶᠠᠯᠲᠠᠨ ᠢ ᠰᠢᠪᠠᠳᠠᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠠᠵᠢᠯ ᠶᠠᠪᠤᠳᠠᠯ ᠬᠢᠯᠭᠡᠵᠦ᠂ ᠠᠷᠢᠭᠤᠨ ᠴᠢᠬᠡᠴᠢ ᠪᠠᠶᠢᠯᠭᠠᠬᠤ ᠶᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠮᠠᠨ ᠤ ᠰᠢᠶᠠᠨ ᠤ ᠠᠯᠪᠠᠨ ᠲᠤᠰᠢᠶᠠᠯᠲᠠᠨ ᠤ ᠠᠵᠤ ᠠᠬᠤᠶᠢᠯᠠᠯ ᠳᠤ ᠬᠤᠯᠪᠣᠭᠳᠠᠭᠰᠠᠨ ᠤᠴᠢᠷ ᠶᠠᠪᠤᠳᠠᠯ ᠢ ᠳᠠᠩᠰᠠᠯᠠᠨ ᠮᠡᠳᠡᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠢᠨᠠᠮᠠᠭᠠᠶ ᠥᠷᠨᠢᠭᠦᠯᠵᠦ᠂ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠶ ᠳᠤᠨᠢ ᠰᠢᠶᠠᠨ ᠤ ᠨᠠᠮ ᠤᠨ ᠬᠤᠷᠢᠶᠠᠨ ᠳᠤ ᠮᠡᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠡᠯ᠎ᠡ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠰᠢᠶᠠᠨ ᠤ ᠨᠠᠮ ᠤᠨ ᠬᠤᠷᠢᠶᠠᠨ ᠤ ᠠᠵᠢᠯ ᠤᠨ ᠰᠡᠳᠬᠢᠴᠡ ᠪᠣᠯᠤᠨ ᠪᠣᠳᠠᠲᠠᠶ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠶ ᠭᠦᠢᠴᠡᠳᠭᠡᠵᠦ᠂ ︽135︾ ᠶᠢᠨ ᠲᠥᠯᠥᠪᠵᠢᠭᠦᠯᠭᠡ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠤᠯ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠨᠠᠮ ᠤᠨ ᠡᠯ᠎ᠡ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠂ ︽ᠳᠥᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ  ᠴᠢᠩᠭᠠᠳᠬᠠᠵᠦ᠂ ︽ᠳᠥᠷᠪᠡᠨ ᠢᠲᠡᠭᠡᠯ︾ ᠢ ᠪᠠᠳᠤᠳᠬᠠᠵᠦ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠬᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠬᠤ ᠬᠡᠷᠡᠭᠲᠡᠶ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠢ ᠴᠢᠩᠭ᠎ᠠ ᠡᠵᠡᠮᠳᠡᠵᠦ᠂ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ᠂ ᠪᠦᠬᠦ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢᠨ ᠲᠥᠯᠥᠭᠡ᠂ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠨ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃      ᠰᠢᠶᠠᠨ ᠤ ᠤᠳᠤᠷᠢᠳᠤᠯᠭ᠎ᠠ ᠶᠦᠨ ᠷᠦᠢ ᠵᠢᠶᠦ᠋ᠨ᠂ ᠲᠢᠶᠠᠨ ᠸᠧᠨ ᠭᠧ ᠵᠢᠴᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠭᠠᠵᠠᠷ ᠤᠨ ᠲᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1