ᠲᠣᠭᠲᠠᠬᠤ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/31
      12 ᠳ᠋ᠤᠭᠠᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ᠂ ᠰᠢᠶᠠᠨ ᠤ ᠳᠡᠳ᠋ ᠳᠠᠷᠤᠭ᠎ᠠ ᠱᠧᠨ ᠢ᠂ ᠯᠢᠦ ᡁᠢ ᠴᠢᠶᠠᠩ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠡᠪᠦᠯ ᠬᠠᠪᠤᠷ ᠤᠨ ᠤᠯᠠᠷᠢᠯ ᠪᠣᠯ ᠸᠢᠷᠦ᠋ᠰ ᠤᠨ ᠬᠥᠭᠵᠢᠶᠡᠨᠲᠡᠶ ᠬᠤᠭᠤᠴᠠᠭ᠎ᠠ ᠪᠣᠯᠤᠨ᠎ᠠ᠂ ᠰᠢᠨ᠎ᠡ ᠵᠢᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠤᠶᠢᠷᠠᠳᠤᠬᠤ ᠶᠢ ᠳᠠᠭᠠᠯᠳᠤᠨ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠡᠭᠦᠷᠭᠡ ᠨᠠᠩ ᠪᠡᠷᠬᠡ ᠬᠠᠲᠠᠭᠤᠵᠢᠯᠲᠠᠶ ᠪᠣᠯᠵᠠᠶ᠂ ᠰᠢᠶᠠᠨ ᠤ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠵᠢᠴᠢ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠳᠠᠯ ᠢ ᠲᠣᠳᠣᠷᠬᠠᠶ ᠲᠠᠨᠢᠵᠤ᠂ ᠬᠢᠵᠢᠭ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠡᠷᠬᠡᠪᠰᠢ ᠴᠠᠭ ᠢᠮᠠᠭᠲᠠ ᠴᠢᠩᠭᠠᠯᠠᠵᠤ᠂ ᠲᠠᠶᠢᠪᠤᠰᠢᠷᠠᠬᠤ ᠦᠵᠡᠯ ᠰᠠᠨᠠᠭ᠎ᠠ ᠪᠣᠯᠤᠨ ᠭᠤᠷᠢᠳᠠᠬᠤ ᠪᠣᠳᠣᠯ ᠢ ᠡᠷᠡᠰ ᠲᠡᠪᠴᠢᠵᠦ᠂ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠠᠶᠢᠩᠭᠤᠵᠢᠬᠰᠠᠨ ᠦᠷᠭᠦᠯᠵᠢᠯᠡᠨ ᠴᠢᠩᠭᠠᠳᠬᠠᠵᠤ᠂ ᠡᠯ᠎ᠡ ᠭᠤᠭᠴᠤᠭ᠎ᠠ ᠳᠤ ᠠᠰᠠᠭᠤᠳᠠᠯ ᠭᠠᠷᠬᠤ ᠦᠭᠡᠢ ᠶᠢ ᠪᠠᠳᠤᠯᠠᠬᠤ ᠬᠡᠷᠡᠭᠳᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠠᠯᠳᠠᠰᠢ ᠭᠠᠷᠬᠤ ᠶᠢ ᠬᠤᠷᠢᠭᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠢᠳᠡᠪᠬᠢᠲᠡᠢ ᠵᠢᠭᠰᠠᠭᠠᠨ ᠪᠠᠶᠢᠴᠠᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ ᠪᠣᠳᠠᠲᠠᠢ ᠨᠠᠶᠢᠳᠠᠪᠤᠷᠢᠵᠢᠭᠤᠯᠬᠤ ᠶᠢᠨ ᠬᠠᠮᠲᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠠᠵᠢᠯᠲᠠᠨ᠂ ᠲᠥᠬᠦᠭᠡᠷᠦᠮᠵᠢ᠂ ᠪᠡᠯᠡᠳᠬᠡᠮᠵᠢ᠂ ᠡᠳ᠋ ᠪᠣᠳᠠᠰ᠂ ᠴᠢᠳᠠᠪᠤᠷᠢ ᠲᠠᠪᠤ ᠶᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠨ᠂ ᠠᠰᠠᠭᠤᠳᠠᠯ ᠢ ᠰᠢᠶ᠋ᠳᠪᠦᠷᠢᠯᠡᠬᠦ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠤᠳᠠ ᠶᠢᠨ ᠠᠷᠠᠳ ᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠰᠠᠨᠠᠭᠤᠯᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠪᠠᠭᠠᠰᠬᠠᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠵᠦ᠂ ᠪᠥᠬᠦ ᠰᠢᠶᠠᠨ ᠤ 11 ᠲᠠᠷᠢᠯᠭ᠎ᠠ ᠬᠢᠬᠦ ᠴᠡᠭ ᠲᠤ ᠡᠮᠴᠢᠯᠡᠭᠡᠨ ᠤ ᠠᠵᠢᠯᠲᠠᠨ᠂ ᠲᠠᠷᠢᠯᠭ᠎ᠠ ᠬᠢᠬᠦ ᠬᠥᠮᠦᠰ ᠤᠨ ᠪᠠᠶᠢᠭ᠎ᠠ ᠨᠢᠭᠡᠴᠡ ᠵᠢᠴᠢ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠤᠨ ᠲᠥᠰᠦᠯ ᠢ ᠴᠢᠩᠭ᠎ᠠ ᠵᠢᠷᠤᠮᠯᠠᠨ᠂ ᠲᠠᠷᠢᠯᠭ᠎ᠠ ᠬᠢᠬᠦ ᠠᠵᠢᠯ ᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ︽ᠰᠢᠨ᠎ᠡ ᠵᠢᠯ ᠴᠠᠭᠠᠨ ᠰᠠᠷ᠎ᠠ︾ ᠬᠤᠣᠰ ᠪᠠᠶᠠᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠵᠠᠮ ᠬᠠᠷᠢᠯᠴᠠᠭ᠎ᠠ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1