ᠲᠤᠭᠳᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠥᠨᠢ ᠪᠠᠷ ᠲᠤᠭᠳᠠᠬᠤ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠪᠠ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠢᠪᠠᠳᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2020-02-10
      ᠬᠢᠵᠢᠭ ᠰᠡᠷᠭᠡᠶᠢᠯᠡᠬᠦ ᠥᠷᠲᠡᠭᠡᠨ ᠤ ᠬᠠᠭᠤᠴᠢᠨ ᠰᠠᠭᠤᠭᠠᠯᠢ ᠲᠣᠭᠤᠷᠢᠭ ᠲᠤ᠂ ᠯᠢ ᠴᠦᠨ ᠶᠠᠨ ᠵᠢᠵᠢᠭᠦᠷᠯᠡᠬᠦ ᠠᠵᠢᠯᠳᠠᠨ ᠲᠠᠢ ᠰᠠᠨᠠᠯ ᠢᠶᠠᠨ ᠰᠣᠯᠢᠯᠴᠠᠵᠤ᠂ ᠲᠣᠰ ᠲᠣᠭᠤᠷᠢᠭ ᠤᠨ ᠲᠡᠷᠭᠡ ᠪᠠ ᠬᠥᠮᠦᠰ ᠤᠨ ᠣᠷᠣᠵᠤ ᠭᠠᠷᠬᠤ ᠲᠡᠮᠳᠡᠭᠯᠡᠯ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠠᠵᠢᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠲᠣᠭᠤᠷᠢᠭ ᠤᠨ ᠣᠷᠣᠵᠤ ᠭᠠᠷᠬᠤ ᠳᠡᠩᠰᠡᠯᠡᠯᠲᠡ ᠶᠢᠨ ᠡᠬᠡ ᠲᠠᠩᠰᠠ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠬᠥᠮᠦᠰ ᠣᠷᠣᠵᠤ ᠭᠠᠷᠬᠤ ᠳᠡᠩᠰᠡᠯᠡᠯᠲᠡ ᠨᠢ ᠵᠢᠷᠤᠮᠵᠢᠯ ᠥᠬᠡᠶ᠂ ᠣᠷᠣᠵᠤ ᠭᠠᠷᠬᠤ ᠴᠠᠭ ᠢ ᠱᠠᠭᠠᠷᠳᠠᠯᠭ᠎ᠠ ᠶᠣᠰᠣᠭᠠᠷ ᠵᠥᠪ ᠣᠨᠣᠪᠴᠢᠲᠠᠶ ᠲᠠᠭᠯᠠᠭᠰᠠᠨ ᠥᠬᠡᠶ᠂ ᠲᠤᠬᠠᠶ ᠶᠢᠨ ᠲᠠᠯᠠᠪᠤᠷ ᠲᠤ ᠠᠵᠢᠯᠲᠠᠨ ᠳᠤ ᠳᠠᠷᠦ᠋ᠢᠬᠠᠨ ᠴᠡᠭᠴᠡᠯᠡᠨ ᠥᠭᠡᠷᠡᠴᠢᠯᠡᠬᠦ ᠬᠡᠷᠡᠭᠲᠡᠶ ᠭᠡᠵᠦ ᠱᠠᠭᠠᠷᠳᠠᠪᠠ᠃      ᠰᠠᠷᠭᠠᠶ ᠴᠡᠴᠡᠭ ᠤᠨ ᠬᠦᠷᠢᠶᠡᠯᠡᠩ ᠤᠨ ᠲᠣᠭᠤᠷᠢᠭ ᠲᠤᠭᠳᠠᠬᠤ ᠰᠢᠶᠠᠨ ᠳᠤ ᠡᠩ ᠲᠡᠷᠢᠭᠦᠨ ᠳᠤ ᠬᠤᠶᠠᠷ ᠬᠡᠮᠵᠢᠯᠳᠦ ᠺᠣᠳ᠋ ᠢ ᠱᠦᠭᠦᠷᠳᠡᠨ ᠠᠪᠴᠤ ᠪᠠᠭ᠎ᠠ ᠲᠣᠭᠤᠷᠢᠭ ᠲᠤ ᠳᠠᠩᠰᠠᠯᠠᠨ ᠣᠷᠣᠬᠤ ᠶᠢ ᠬᠡᠷᠡᠭᠵᠢᠭᠦᠯᠵᠡᠶ᠃      ᠬᠠᠭᠤᠴᠢᠨ ᠠᠮᠤ ᠪᠤᠳᠠᠭᠠᠨ ᠤ ᠲᠣᠪᠴᠢᠶ᠎ᠠ ᠶᠢᠨ ᠬᠡᠷ ᠪᠦᠯᠢ ᠶᠢᠨ ᠬᠠᠷᠢᠶᠠᠲᠤ ᠠᠰᠠᠷ᠂ ᠹᠦ᠋ ᠯᠧ ᠶᠤᠸᠠᠨ ᠪᠠᠭ᠎ᠠ ᠲᠣᠭᠤᠷᠢᠭ᠂ ᠶᠠᠨ ᠱᠠᠨ ᠪᠠᠭ᠎ᠠ ᠲᠣᠭᠤᠷᠢᠭ ᠲᠤ᠂ ᠬᠤᠲᠠ ᠰᠢᠶᠠᠨ ᠬᠤᠶᠠᠷ ᠱᠠᠲᠤᠨ ᠤ ᠱᠠᠯᠠᠪᠳᠠᠭᠤᠯᠤᠨ ᠵᠢᠯᠣᠭᠤᠳᠴᠤ ᠪᠠᠶᠢᠴᠠᠭᠠᠭᠠᠳ ᠬᠠᠷᠢᠭᠤ ᠲᠤᠰᠬᠠᠭᠰᠠᠨ ᠠᠰᠠᠭᠤᠳᠠᠯ ᠢ ᠴᠥᠮ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ ᠠᠮᠤ ᠪᠤᠳᠠᠭᠠᠨ ᠤ ᠲᠣᠪᠴᠢᠶᠠᠨ ᠤ ᠭᠡᠷ ᠤᠨ  ᠬᠠᠷᠢᠶᠠᠳᠦ ᠠᠰᠠᠷ ᠤᠨ ᠡᠭᠦᠳᠡᠨ ᠤ ᠬᠤᠷᠢᠭ᠎ᠠ ᠴᠡᠭ ᠤᠨ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢ ᠨᠢᠭᠡᠨᠲᠡ ᠰᠡᠯᠪᠢᠨ ᠵᠠᠰᠠᠵᠤ ᠪᠠᠬᠢᠯᠡᠵᠦ᠂ ᠹᠦ᠋ ᠯᠧ ᠶᠤᠸᠠᠨ ᠲᠣᠭᠤᠷᠢᠭ ᠤᠨ ᠲᠦᠷ ᠴᠠᠭ ᠤᠨ ᠨᠠᠮ ᠤᠨ ᠡᠭᠦᠷ ᠤᠨ ᠪᠦᠷᠢᠯᠳᠦᠬᠦᠨ ᠢ ᠰᠣᠯᠢᠵᠤ ᠵᠠᠷᠯᠠᠨ ᠨᠡᠶᠢᠲᠡᠯᠡᠵᠦ᠂ ᠶᠠᠨ ᠱᠠᠨ ᠲᠣᠭᠤᠷᠢᠭ ᠤᠨ ᠵᠢᠵᠢᠭᠦᠷᠯᠡᠭᠴᠢ ᠨᠠᠷᠢᠨ ᠬᠢᠨᠠᠮᠠᠭᠠᠶ ᠵᠢᠵᠢᠭᠦᠷᠯᠡᠨ ᠰᠠᠬᠢᠵᠤ᠂ ᠪᠦᠷ ᠠᠮᠠᠪᠴᠢ  ᠵᠡᠭᠦᠵᠦ ᠪᠠᠶᠢᠭ᠎ᠠ ᠶᠢ ᠰᠠᠶᠢᠰᠢᠶᠠᠪᠠ᠃ ᠲᠦᠸᠧ ᠰᠢᠤ ᠬᠠᠷᠢᠶᠠᠳᠦ ᠠᠰᠠᠷ ᠤᠨ ᠠᠷᠢᠭᠤᠨ ᠴᠡᠪᠡᠷ ᠣᠷᠴᠢᠨ ᠲᠣᠭᠤᠷᠢᠨ ᠢ ᠲᠦᠢᠯᠪᠤᠷᠢᠲᠠᠶ  ᠴᠡᠭᠴᠡᠯᠡᠨ ᠰᠠᠶᠢᠵᠢᠷᠠᠭᠤᠯᠤᠭᠰᠠᠨ ᠦᠭᠡᠢ᠂ ᠮᠥᠨ ᠯᠡ ᠬᠤᠷᠠᠭᠰᠠᠨ ᠴᠠᠰᠤ ᠮᠥᠰᠥᠨ ᠳᠤ ᠬᠥᠯᠳᠡᠵᠦ᠂ ᠬᠤᠭ ᠨᠣᠪᠰᠢ ᠶᠢᠨ ᠦᠬᠦᠮᠡᠯ ᠭᠠᠵᠠᠷ ᠪᠠᠶᠢᠵᠤ᠂ ᠲᠤᠬᠠᠶ ᠶᠢᠨ ᠲᠠᠯᠠᠪᠠᠢ ᠳᠤ ᠳᠠᠷᠦ᠋ᠢᠬᠠᠨ ᠴᠡᠭᠴᠡᠯᠡᠨ ᠵᠠᠰᠠᠬᠤ ᠬᠡᠷᠡᠭᠲᠡᠶ ᠭᠡᠵᠦ ᠱᠠᠭᠠᠷᠳᠠᠪᠠ᠃ ᠯᠢ ᠴᠦᠨ ᠶᠠᠨ ᠴᠢᠬᠤᠯᠠᠴᠢᠯᠠᠭᠰᠠᠨ ᠨᠢ᠂ ᠰᠢᠪᠠᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ᠂ ᠡᠯ᠎ᠡ ᠲᠣᠭᠤᠷᠢᠭ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠡᠭᠦᠯᠵᠦ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠨᠢᠭᠡ ᠠᠴᠠ ᠵᠦᠢᠴᠢᠯᠡᠨ ᠮᠡᠳᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠡᠢ᠃      ᠯᠢ ᠴᠦᠨ ᠶᠠᠨ ᠴᠢᠬᠤᠯᠠᠴᠢᠯᠠᠭᠰᠠᠨ ᠨᠢ᠂ ᠣᠳᠣᠬᠠᠨ ᠳᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠮᠥᠨ᠂ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠯᠡ ᠬᠦᠨᠳᠦ ᠨᠤᠴᠢᠳᠠᠢ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠣᠬᠤᠷ ᠪᠠᠯᠠᠶ ᠪᠠᠷ ᠪᠠᠶᠠᠷᠯᠠᠵᠤ᠂ ᠬᠥᠩᠭᠡᠨ ᠬᠠᠭᠤᠳᠠᠮ ᠪᠠᠶᠢᠵᠤ ᠪᠣᠯᠬᠤ ᠥᠬᠡᠶ᠂ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ︾ ᠴᠢᠬᠤᠯᠠ ᠵᠢᠭᠠᠪᠤᠷᠢ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠵᠢᠴᠢ ᠲᠤᠭᠳᠠᠬᠤ ᠰᠢᠶᠠᠨ ᠤ ᠬᠠᠮᠢᠶ᠎ᠠ ᠪᠥᠬᠦᠶ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠣᠰᠬᠤᠨ᠂ ᠨᠡᠶᠢᠭᠡᠮ ᠲᠣᠭᠤᠷᠢᠭ᠂ ᠢᠯᠠᠩᠭᠤᠶ᠎ᠠ ᠲᠤᠭᠤᠰᠬᠠᠨ ᠪᠠᠶᠢᠰᠢᠩ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠵᠠᠩᠭᠢᠯᠠᠭ᠎ᠠ ᠶᠢᠨ  ᠭᠤᠭᠴᠤᠭ᠎ᠠ ᠳᠤ ︽ᠥᠪᠡᠷ ᠤᠨ ᠡᠭᠦᠳᠡ ᠪᠠᠨ ᠰᠠᠶᠢᠲᠤᠷ ᠰᠠᠬᠢᠵᠤ᠂ ᠥᠪᠡᠷ ᠤᠨ ᠬᠥᠮᠦᠨ ᠢᠶᠠᠨ ᠰᠠᠶᠢᠲᠤᠷ ᠬᠠᠷᠠᠬᠤ ᠬᠡᠷᠡᠭᠲᠡᠶ︾ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1