ᠲᠣᠭᠲᠠᠬᠤ ᠰᠢᠶᠠᠨ᠄ ᠬᠥᠮᠦᠨ ᠪᠦᠬᠦᠨ ᠭᠠᠷ ᠬᠥᠳᠡᠯᠵᠦ ᠣᠷᠴᠢᠨ ᠲᠤᠭᠤᠷᠢᠨ ᠢ ᠴᠡᠭᠴᠡᠯᠡᠨ ᠵᠠᠰᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠨ᠎ᠠ
ᠨᠡᠶᠢᠲᠡᠯᠡᠭᠰᠡᠨ ᠴᠠᠭ᠄
2020-03-16
      3 ᠰᠠᠷ᠎ᠠ ᠶᠢᠨ 13 ᠤ ᠡᠳᠦᠷ ᠪᠣᠯ ᠲᠣᠭᠲᠠᠬᠤ ᠰᠢᠶᠠᠨ ᠤ ᠪᠠᠰᠠ ᠨᠢᠭᠡᠨ ︽ᠪᠦᠬᠦ ᠠᠷᠠᠳ ᠤᠨ ᠠᠷᠢᠭᠤᠨ ᠴᠡᠪᠡᠷᠯᠡᠯᠭᠡᠨ ᠤ ᠡᠳᠦᠷ︾ ᠪᠣᠯᠤᠨ᠎ᠠ᠃ ᠲᠣᠭᠲᠠᠬᠤ ᠰᠢᠶᠠᠨ ᠤ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠺᠠᠳ᠋ᠷᠴᠤᠳ ᠴᠥᠮ ᠰᠢᠷᠪᠢᠯᠲᠡ᠂ ᠬᠤᠰᠤᠭᠤᠷ ᠬᠢᠲᠤᠭ᠎ᠠ᠂ ᠬᠠᠪᠴᠢᠭᠤᠷ ᠵᠡᠷᠭᠡ ᠪᠠᠷ ᠢᠶᠠᠨ ᠵᠢᠭᠰᠠᠭᠠᠯ ᠳᠤ ᠤᠷᠤᠵᠦ᠂ ᠵᠢᠵᠢᠭ ᠵᠠᠷ ᠰᠤᠷᠲᠠᠯ ᠢ ᠴᠡᠪᠡᠷᠯᠡᠨ ᠠᠷᠢᠯᠭᠠᠵᠤ᠂ ᠮᠤᠬᠤᠷ ᠪᠤᠯᠤᠩ ᠢ ᠴᠡᠪᠡᠷᠯᠡᠨ ᠴᠡᠪᠡᠷᠯᠡᠵᠦ᠂ ᠵᠠᠮ ᠤᠨ ᠬᠠᠵᠠᠭᠤ ᠳᠤ ᠲᠡᠷᠭᠡ ᠵᠣᠭᠰᠣᠬᠤ ᠶᠢ ᠳᠦᠷᠢᠮᠵᠢᠭᠦᠯᠪᠡ ᠁      ᠲᠣᠭᠲᠠᠬᠤ ᠰᠢᠶᠠᠨ ᠤ ᠬᠢᠨ ᠭᠠᠷᠠᠭ ᠤᠨ ᠲᠠᠪᠤᠨ ᠳᠤ ︽ᠪᠦᠬᠦ ᠠᠷᠠᠳ ᠤᠨ ᠠᠷᠢᠭᠤᠨ ᠴᠡᠪᠡᠷ ᠢ ᠬᠠᠮᠠᠭᠠᠯᠠᠬᠤ ᠡᠳᠦᠷ︾ ᠭᠡᠵᠦ ᠲᠣᠭᠲᠠᠭᠠᠵᠤ᠂ ᠪᠦᠬᠦ ᠰᠢᠶᠠᠨ ᠤ 51 ᠨᠢᠭᠡᠴᠢ᠂ 4 ᠭᠤᠣᠯᠳᠠᠯᠭ᠎ᠠ ᠲᠠᠢ ᠬᠤᠲᠠ ᠠᠴᠠ ᠭᠠᠷᠬᠤ ᠵᠠᠮ ᠂ 9 ᠭᠤᠣᠯ ᠵᠡᠭᠡᠯᠢ ᠭᠤᠳᠤᠮᠵᠢ᠂ 196 ᠵᠤᠷᠪᠤᠰ ᠭᠤᠳᠤᠮᠵᠢ ᠶᠢ ᠳᠠᠭᠠᠭᠠᠴᠢᠯᠠᠨ ᠭᠠᠷᠭᠠᠵᠠᠶ᠃ ᠭᠠᠷᠠᠭ ᠤᠨ ᠰᠡᠭᠦᠯᠴᠢ ᠪᠦᠷᠢ ᠳᠤ ᠨᠢᠭᠡ ᠤᠳᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠭᠴᠡᠯᠡᠯᠳᠡ ᠶᠢ ᠥᠷᠨᠢᠭᠦᠯᠦᠨ᠎ᠡ᠂ ᠡᠨᠡ ᠪᠣᠯ ᠨᠢᠭᠡ ᠤᠳᠠᠭ᠎ᠠ ᠶᠢᠨ ᠪᠦᠬᠦ ᠰᠢᠶᠠᠨ ᠤ ᠣᠷᠴᠢᠨ ᠲᠣᠭᠤᠷᠢᠨ ᠤ ᠶᠡᠭᠡ ᠴᠡᠭᠴᠡᠯᠡᠯᠳᠡ ᠪᠣᠯᠤᠨ᠎ᠠ᠂ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠲᠦᠷᠦᠭᠦᠯᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠭᠴᠡᠯᠡᠯᠲᠡ ᠳᠤ ᠣᠷᠣᠯᠴᠠᠵᠤ᠂ ᠬᠤᠲᠠ ᠶᠢᠨ ᠲᠣᠭᠤᠷᠢᠭ ᠤᠨ ᠬᠥᠳᠡᠭᠡ ᠲᠣᠰᠬᠤᠨ ᠤ ᠶᠡᠭᠡ ᠵᠡᠭᠡᠯᠢ ᠵᠢᠵᠢᠭ ᠭᠤᠳᠤᠮᠵᠢ᠂ ᠭᠡᠷ ᠤᠨ ᠡᠮᠦᠨ᠎ᠡ ᠲᠠᠯ᠎ᠠ ᠶᠢᠨ ᠠᠷᠤ ᠲᠠᠯ᠎ᠠ ᠵᠢᠴᠢ ᠲᠣᠰᠬᠤᠨ ᠤ ᠲᠤᠳᠤᠷ᠎ᠠ ᠭᠠᠳᠠᠨᠠᠬᠢ ᠡᠯ᠎ᠡ ᠲᠦᠷᠦᠯ ᠤᠨ ᠬᠤᠭ ᠨᠣᠪᠰᠢ ᠵᠢᠴᠢ ᠣᠪᠣᠭᠠᠯᠠᠵᠤ ᠲᠠᠯᠪᠢᠭᠰᠠᠨ ᠪᠣᠳᠠᠰ ᠢ ᠪᠦᠬᠦ ᠲᠠᠯ᠎ᠠ ᠪᠠᠷ ᠴᠡᠪᠡᠷᠯᠡᠨ ᠠᠷᠢᠯᠭᠠᠵᠦ᠂ ᠵᠢᠵᠢᠭ ᠲᠣᠭᠤᠷᠢᠭ᠂ ᠵᠡᠭᠡᠯᠢ ᠶᠢᠨ ᠠᠷᠤ ᠲᠠᠯ᠎ᠠ ᠶᠢᠨ ᠵᠢᠵᠢᠭ ᠭᠤᠳᠤᠮᠵᠢ᠂ ᠵᠠᠮ ᠤᠨ ᠬᠤᠶᠠᠷ ᠬᠠᠵᠠᠭᠤ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠬᠡᠰᠡᠭ ᠲᠤ ᠲᠦᠢᠯᠪᠤᠷᠢᠲᠠᠢ ᠶᠡᠭᠡ ᠪᠠᠶᠢᠴᠠᠭᠠᠯᠲᠠ ᠬᠢᠵᠦ᠂ ᠶᠡᠭᠡ ᠴᠡᠭᠴᠡᠯᠡᠨ ᠵᠠᠰᠠᠯᠲᠠ ᠬᠢᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠵᠢᠷᠤᠮᠵᠢᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠰᠠᠶᠢᠵᠢᠷᠠᠭᠤᠯᠪᠠ᠃      ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠲᠣᠭᠲᠠᠬᠤ ᠰᠢᠶᠠᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠵᠢᠯ ᠢ ᠢᠳᠡᠪᠬᠢᠲᠡᠢ ᠰᠠᠶᠢᠲᠤᠷ ᠬᠢᠬᠦ ᠶᠢᠨ ᠬᠠᠮᠲᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠷᠢ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠴᠣᠭᠴᠠᠯᠠᠪᠠ᠃ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠶ ᠳᠤᠨᠢ ᠴᠤᠭᠯᠠᠭᠤᠯᠵᠤ᠂ ᠴᠡᠪᠡᠷᠯᠡᠨ ᠲᠡᠭᠡᠭᠡᠪᠦᠷᠢᠯᠡᠵᠦ᠂ ᠡᠳᠦᠷ ᠤᠨ ᠭᠠᠷᠤᠯᠲᠠ ᠪᠠ ᠡᠳᠦᠷ ᠤᠨ ᠴᠡᠪᠡᠷᠯᠡᠯᠲᠡ ᠶᠢ ᠪᠡᠶᠡᠯᠡᠭᠦᠯᠪᠡ︔ ᠠᠵᠢᠯᠲᠠᠨ ᠵᠣᠬᠢᠶᠠᠨ ᠪᠠᠶᠢᠭᠤᠯᠵᠤ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ᠂ ᠠᠭᠤᠳᠠᠮ ᠲᠠᠯᠠᠪᠠᠶ ᠶᠢᠨ ᠴᠡᠴᠡᠷᠯᠢᠭ ᠤᠨ ᠬᠠᠷᠢᠶ᠎ᠠ ᠪᠡᠯᠡᠳᠬᠡᠮᠵᠢ᠂ ᠬᠤᠭ ᠨᠣᠪᠰᠢ ᠶᠢᠨ ᠲᠦᠩᠰᠡ᠂ ᠬᠤᠭ ᠨᠣᠪᠰᠢ ᠳᠠᠮᠵᠢᠭᠤᠯᠬᠤ ᠥᠷᠲᠡᠭᠡ᠂ ᠨᠡᠶᠢᠲᠡ ᠶᠢᠨ ᠵᠣᠷᠯᠣᠩ ᠵᠡᠷᠭᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠡᠯᠡᠳᠬᠡᠮᠵᠢ ᠳᠤ᠂ ᠠᠵᠢᠯᠯᠠᠭᠠᠨ ᠤ ᠵᠢᠷᠤᠮᠵᠢᠯ ᠢ ᠴᠢᠩᠭ᠎ᠠ ᠵᠢᠷᠤᠮᠯᠠᠨ ᠬᠢᠵᠢᠭ ᠰᠡᠷᠭᠡᠶᠢᠯᠡᠬᠦ ᠠᠷᠢᠭᠤᠳᠬᠠᠨ ᠠᠷᠢᠯᠭᠠᠬᠤ ᠶᠢ ᠥᠷᠨᠢᠭᠦᠯᠵᠦ᠂ ᠸᠢᠷᠦ᠋ᠰ ᠬᠠᠯᠳᠠᠪᠤᠷᠢᠯᠠᠬᠤ ᠵᠠᠮ ᠢ ᠲᠠᠰᠤᠯᠪᠠ᠃      ᠨᠡᠶᠢᠭᠡᠮ ᠲᠣᠭᠤᠷᠢᠭ᠂ ᠵᠢᠵᠢᠭ ᠲᠣᠭᠤᠷᠢᠭ ᠲᠤ᠂ ᠺᠠᠳ᠋ᠷ ᠠᠵᠢᠯᠲᠠᠨ ᠠᠵᠢᠯᠴᠢᠨ ᠪᠣᠯᠤᠨ ᠰᠠᠭᠤᠭᠠᠯᠢ ᠠᠷᠠᠳ ᠵᠡᠭᠡᠯᠢ ᠭᠤᠳᠤᠮᠵᠢ᠂ ᠠᠰᠠᠷ ᠬᠦᠷᠢᠶᠡᠨ ᠳᠤ ᠭᠦᠨᠵᠡᠭᠡᠶᠢᠷᠡᠨ᠂ ᠡᠷᠦᠶ ᠬᠤᠷᠤᠶ ᠥᠬᠡᠶ ᠣᠪᠣᠭᠠᠯᠠᠬᠤ ᠪᠠ ᠠᠷᠢᠭᠤᠨ ᠴᠡᠪᠡᠷ ᠢ ᠴᠡᠪᠡᠷᠯᠡᠵᠦ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠯᠴᠠᠨ ᠬᠠᠪᠰᠤᠷᠤᠯᠴᠠᠵᠤ᠂ ᠪᠣᠯᠪᠠᠰᠤᠨ ᠴᠡᠪᠡᠷ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠤᠯᠭᠠᠪᠠ᠃ ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠠᠴᠠ ᠨᠠᠰᠢ᠂ ᠪᠥᠬᠦ ᠰᠢᠶᠠᠨ ᠤ 66 ᠵᠠᠰᠠᠭ ᠵᠠᠬᠢᠷᠭᠠᠨ ᠤ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ 152 ᠬᠡᠰᠡᠭ ᠲᠣᠭᠤᠷᠢᠭ ᠤᠨ ᠵᠢᠵᠢᠭ ᠲᠤᠭᠤᠷᠢᠭ ᠢ ᠳᠠᠭᠠᠭᠠᠴᠢᠯᠠᠨ ᠬᠤᠯᠪᠣᠵᠤ᠂ ᠵᠢᠵᠢᠭᠦᠷᠯᠡᠨ ᠰᠠᠬᠢᠵᠤ ᠪᠠᠶᠢᠭ᠎ᠠ ᠨᠠᠮ ᠤᠨ ᠭᠡᠰᠢᠭᠦᠨ ᠺᠠᠳ᠋ᠷᠴᠤᠳ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠬᠦ ᠶᠢᠨ ᠬᠠᠮᠲᠤ᠂ ᠰᠠᠭᠤᠭᠠᠯᠢ ᠠᠷᠠᠳ ᠢ ᠢᠳᠡᠪᠬᠢᠳᠡᠢ ᠬᠠᠪᠰᠤᠷᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠠᠷᠢᠯᠭᠠᠵᠤ᠂ ᠣᠯᠠᠨ ᠨᠡᠶᠢᠲᠡ ᠶᠢᠨ ᠣᠷᠣᠨ ᠪᠦᠰᠡ ᠶᠢ ᠠᠷᠢᠯᠭᠠᠬᠤ ᠶᠢ ᠰᠠᠶᠢᠲᠤᠷ ᠬᠢᠪᠠ᠃      ᠴᠡᠪᠡᠷᠯᠡᠯᠲᠡ ᠶᠢᠨ ᠲᠤᠬᠠᠶ ᠶᠢᠨ ᠲᠠᠯᠠᠪᠤᠷ ᠲᠤ᠂ ᠪᠸᠢ ᠺᠦᠩ ᠣᠷᠴᠢᠨ ᠲᠣᠭᠤᠷᠢᠨ ᠤ ᠠᠷᠢᠭᠤᠨ ᠴᠡᠪᠡᠷ ᠺᠤ ᠮᠫᠠᠨᠢ ᠶᠢᠨ ᠬᠠᠷᠢᠭᠤᠴᠠᠯᠭᠠᠲᠠᠨ᠄ ︽ᠲᠤᠤ ᠰᠢᠶᠠᠨ ᠤ ᠬᠡᠷᠡᠭᠵᠢᠭᠦᠯᠵᠦ ᠪᠠᠶᠢᠭ᠎ᠠ ᠨᠢᠭᠡᠴᠢ ᠶᠢᠨ ᠬᠡᠰᠡᠭ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠷᠢᠭᠤᠴᠠᠯᠭ᠎ᠠ ᠶᠢᠨ ᠲᠦᠷᠢᠮ ᠨᠢ ᠮᠠᠨ ᠤ ᠠᠵᠢᠯ ᠤᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃ ᠣᠨᠴᠠᠭᠠᠶᠢᠯᠠᠨ ᠣᠳᠣᠬᠠᠨ ᠤ ᠡᠨᠡ ᠬᠦ ᠣᠨᠴᠠᠭᠠᠢ ᠴᠠᠭ ᠣᠶᠢᠶ᠎ᠠ ᠳᠤ᠂ ᠺᠠᠳ᠋ᠷ ᠠᠵᠢᠯᠲᠠᠨ ᠵᠠᠮ ᠳᠡᠭᠡᠷ᠎ᠡ ᠭᠠᠷᠴᠤ᠂ ᠰᠠᠶᠢᠨ ᠳᠤᠷ᠎ᠠ ᠶᠢᠨ ᠠᠵᠢᠭᠯᠠᠭᠴᠢ ᠭᠠᠷᠴᠤ ᠢᠷᠡᠵᠡᠢ᠂ ᠲᠡᠳᠡ ᠬᠢᠵᠢᠭ ᠤᠨ ᠰᠦᠷᠳᠡᠭᠦᠯᠦᠯ ᠠᠴᠠ ᠠᠶᠤᠬᠤ ᠦᠭᠡᠢ᠂ ᠣᠷᠴᠢᠨ ᠲᠣᠭᠤᠷᠢᠨ ᠤ ᠠᠷᠢᠭᠤᠨ ᠴᠡᠪᠡᠷ ᠢ ᠢᠳᠡᠪᠬᠢᠲᠡᠢ ᠬᠠᠪᠰᠤᠷᠴᠤ᠂ ᠬᠤᠲᠠ ᠶᠢᠨ ︽ᠦᠬᠡᠷ ᠤᠨ ᠠᠷᠠᠰᠤᠨ ᠢᠯᠢᠳᠦ︾ ᠵᠢᠵᠢᠭ ᠵᠠᠷ ᠢ ᠴᠡᠪᠡᠷᠯᠡᠵᠦ᠂ ᠲᠡᠳᠡᠨ ᠤ ᠤᠬᠠᠭᠤᠯᠭ᠎ᠠ ᠶᠢᠨ ᠳᠠᠭᠠᠭᠤᠯᠭ᠎ᠠ ᠳᠣᠤᠷ᠎ᠠ᠂ ᠬᠥᠮᠦᠰ ᠪᠦᠷ ᠤᠬᠠᠮᠰᠠᠷ ᠠᠴᠠ ᠪᠠᠨ ᠣᠷᠴᠢᠨ ᠲᠣᠭᠤᠷᠢᠨ ᠢ ᠬᠠᠶᠢᠷᠠᠯᠠᠵᠤ᠂ ᠬᠤᠭ ᠨᠣᠪᠰᠢ ᠬᠠᠶᠠᠬᠤ ᠬᠥᠮᠦᠨ ᠮᠠᠰᠢ ᠴᠥᠭᠡᠨ ᠪᠣᠯᠵᠠᠶ᠃      ᠡᠭᠦᠨ ᠤ ᠬᠠᠮᠲᠤ᠂ ᠪᠦᠬᠦ ᠰᠢᠶᠠᠨ ᠤ 5  ᠪᠠᠯᠭᠠᠰᠦ᠂ 1 ᠬᠠᠮᠢᠶᠠᠷᠤᠯᠲᠠ ᠶᠢᠨ ᠵᠥᠪᠯᠡᠯ᠂ 120 ᠵᠠᠰᠠᠭ ᠵᠠᠬᠢᠷᠭᠠᠨ ᠤ ᠲᠣᠰᠬᠤᠨ ᠳᠤ ᠰᠢᠶᠠᠩ ᠪᠠᠯᠭᠠᠰᠤᠨ ᠤ 1500 ᠭᠠᠷᠤᠶ ᠺᠠᠳ᠋ᠷ ᠢ ᠵᠣᠬᠢᠶᠠᠨ ᠪᠠᠶᠢᠭᠤᠯᠵᠤ᠂ 360 ᠰᠠᠤᠷᠢ ᠮᠠᠰᠢᠨ ᠢ ᠬᠥᠳᠡᠯᠭᠡᠵᠦ᠂ ᠪᠠᠯᠭᠠᠰᠤ ᠲᠣᠰᠬᠤᠨ ᠤ ᠡᠷᠡᠭᠦᠯ ᠬᠠᠮᠠᠭᠠᠯᠠᠯ᠂ ᠵᠠᠮ ᠤᠨ ᠬᠤᠶᠠᠷ ᠬᠠᠵᠠᠭᠤ᠂ ᠤᠰᠤᠨ ᠰᠤᠪᠠᠭ ᠵᠡᠷᠭᠡ ᠶᠢ ᠬᠤᠭ ᠨᠣᠪᠰᠢ᠂ ᠬᠠᠶᠠᠭᠳᠠᠮᠠᠯ ᠮᠠᠲ᠋ᠧᠷᠢᠶᠠᠯ ᠢ ᠲᠥᠪᠯᠡᠷᠡᠭᠦᠯᠦᠨ ᠴᠡᠪᠡᠷᠯᠡᠵᠡᠶ᠃      ᠣᠶᠢᠯᠠᠭᠠᠭᠰᠠᠨ ᠢᠶᠠᠷ᠂ ᠲᠣᠭᠲᠠᠬᠤ ᠰᠢᠶᠠᠨ ᠤ ᠡᠯ᠎ᠡ ᠠᠵᠢᠯ ᠲᠥᠷᠥᠯ ᠤᠨ ᠡᠮᠬᠢ ᠵᠢᠷᠤᠮ ᠲᠠᠢ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠠᠭᠠᠯᠳᠤᠨ᠂ ᠥᠷᠭᠡᠨ ᠣᠯᠠᠨ ᠬᠤᠲᠠ ᠶᠢᠨ ᠠᠷᠠᠳ ᠤᠨ ᠬᠡᠪ ᠤᠨ ᠠᠮᠢᠳᠤᠷᠠᠯ ᠠᠯᠬᠤᠮ ᠠᠯᠬᠤᠮ ᠢᠶᠠᠷ ᠰᠡᠷᠭᠦᠵᠦ᠂ ᠸᠢᠷᠦ᠋ᠰ ᠤᠨ ᠡᠭᠦᠰᠴᠦ ᠳᠡᠯᠭᠡᠷᠡᠬᠦ ᠠᠷᠭ᠎ᠠ ᠵᠠᠮ ᠢ ᠲᠠᠰᠤᠯᠬᠤ ᠶᠢᠨ ᠲᠥᠯᠥᠭᠡ᠂ ᠲᠤᠭᠳᠠᠬᠤ ᠰᠢᠶᠠᠨ ︽ᠪᠥᠬᠦ ᠰᠢᠶᠠᠨ ᠤ ᠠᠵᠢᠯᠯᠠᠭ᠎ᠠ᠂ ᠪᠥᠬᠦ ᠬᠦᠴᠦᠨ ᠢᠶᠠᠷ ᠴᠡᠭᠴᠡᠯᠡᠨ ᠵᠠᠰᠠᠬᠤ᠂ ᠪᠥᠬᠦ ᠠᠷᠠᠳ ᠢᠶᠠᠷ ᠢᠶᠠᠨ ᠣᠷᠣᠯᠴᠠᠬᠤ︾ ᠪᠠᠷ ᠳᠠᠮᠵᠢᠭᠤᠯᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠦ ᠪᠠᠶᠢᠨ᠎ᠠ᠃ ᠡᠭᠦᠨ ᠤ ᠬᠠᠮᠲᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ᠂ ᠰᠠᠶᠢᠨ ᠳᠤᠷ᠎ᠠ ᠶᠢᠨ ᠠᠵᠢᠯᠯᠠᠭᠴᠢ ᠶᠢ ᠳᠠᠶᠢᠴᠢᠯᠠᠨ ᠢᠳᠡᠪᠬᠢᠲᠡᠶ ᠣᠷᠣᠯᠴᠠᠭᠤᠯᠵᠤ᠂ ᠰᠠᠭᠤᠭᠠᠯᠢ ᠠᠷᠠᠳ ᠤᠨ ᠬᠤᠪᠢ ᠬᠥᠮᠦᠨ ᠪᠠ ᠬᠡᠷ ᠪᠦᠯᠢ ᠶᠢᠨ ᠡᠷᠡᠭᠦᠯ ᠬᠠᠮᠠᠭᠠᠯᠠᠯ ᠢ ᠰᠠᠶᠢᠲᠤᠷ ᠬᠢᠬᠦ ᠶᠢ ᠬᠥᠲᠥᠯᠦᠨ ᠵᠢᠯᠣᠭᠤᠳᠴᠤ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠣᠶ ᠪᠣᠯᠭᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠵᠦ ᠬᠥᠮᠦᠨ ᠪᠣᠯᠭᠠᠨ ᠭᠠᠷ ᠬᠥᠳᠡᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠ ᠠᠭᠤᠷ ᠠᠮᠢᠰᠬᠤᠯ ᠢ ᠪᠣᠶ ᠪᠣᠯᠭᠠᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1